ᠡᠷᠬᠢᠮ ᠳᠡᠭᠡᠳᠦ ᠦᠢᠯᠡᠰ ᠡᠬᠡᠯ ᠵᠢᠷ ᠤᠨ ᠪᠠᠷᠢᠮᠲᠠᠯᠠᠯ
ᠨᠡᠶᠢᠲᠡᠯᠡᠭᠰᠡᠨ ᠴᠠᠭ᠄
2024/5/6
       ᠴᠢᠯᠠᠭᠤ᠂ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ᠂ ᠤᠯᠠᠭᠠᠨᠬᠠᠳᠠ ᠬᠤᠲᠠ ᠶᠢᠨ ᠲᠡᠷᠢᠭᠦᠨ ᠤ ᠠᠵᠢᠯᠲᠠᠨ᠃        ᠴᠢᠯᠠᠭᠤ ᠪᠣᠯ ᠰᠤᠷᠭᠠᠨ ᠬᠥᠮᠦᠵᠢᠯ ᠤᠨ ᠹᠷᠣᠨᠲ ᠲᠤ 42 ᠵᠢᠯ ᠲᠡᠮᠡᠴᠡᠭᠰᠡᠨ ᠠᠬᠠᠮᠠᠳ ᠪᠠᠭᠰᠢ ᠶᠤᠮ᠂ ᠲᠡᠭᠦᠨ ᠤ ᠯᠠᠪᠳᠠᠭᠤᠨ ᠪᠠᠲᠤᠲᠠᠢ ᠠᠵᠢᠯ ᠤᠨ ᠰᠤᠷᠲᠠᠯ ᠪᠣᠯᠤᠨ ᠭᠠᠷᠮᠠᠭᠠᠢ ᠠᠵᠢᠯ ᠤᠨ ᠠᠮᠵᠢᠯᠲᠠ ᠨᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠠᠶᠢᠨ ᠦᠨᠡᠯᠡᠯᠲᠡ ᠶᠢ ᠣᠯᠵᠠᠢ᠃        ᠲᠡᠭᠦᠨ ᠤ 40 ᠭᠠᠷᠤᠢ ᠵᠢᠯ ᠤᠨ ᠵᠢᠭᠠᠨ ᠰᠤᠷᠭᠠᠬᠤ ᠠᠵᠢᠯ ᠳᠤᠮᠳᠠ᠂ ᠠᠯᠢ ᠰᠤᠷᠭᠠᠭᠤᠯᠢ ᠳᠤ ᠣᠴᠢᠭᠰᠠᠨ ᠴᠤ ᠲᠡᠷᠡ ᠪᠦᠷ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ︽ᠬᠡᠷᠡᠯᠳᠦᠬᠦᠯᠦᠭᠴᠢ︾᠂ ᠵᠢᠭᠠᠨ ᠰᠤᠷᠭᠠᠬᠤ ᠠᠵᠢᠯ ᠤᠨ ︽ᠠᠷᠠᠯ ᠤᠨ ᠱᠠᠷ︾ ᠪᠣᠯᠤᠨ᠎ᠠ᠃ ᠳ᠋ᠠᠪᠠᠨ ᠤ ᠮᠣᠩᠭᠤᠯ ᠳᠤᠮᠳᠠᠳᠤ ᠰᠤᠷᠭᠠᠭᠤᠯᠢ ᠳᠤ ᠲᠤᠰᠢᠶᠠᠯ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ ᠤᠯᠠᠨ ᠤᠳᠠᠭ᠎ᠠ ᠪᠦᠬᠦ ᠬᠤᠳᠠ ᠶᠢᠨ ᠨᠢᠭᠡᠳᠦᠯᠲᠡᠢ ᠰᠢᠯᠭᠠᠯᠲᠠ ᠳᠤ ᠲᠡᠷᠢᠭᠦᠯᠡᠵᠦ᠂ ᠡᠯ᠎ᠡ ᠲᠦᠷᠦᠯ ᠤᠨ ᠠᠵᠢᠯᠯᠠᠭ᠎ᠠ ᠶᠢ ᠵᠢᠯᠣᠭᠤᠳᠬᠤ ᠲᠠᠯ᠎ᠠ ᠪᠠᠷ ᠴᠥᠮ ᠰᠢᠯᠢᠳᠡᠭ ᠬᠢᠷᠢ ᠪᠦᠲᠦᠮᠵᠢ ᠣᠯᠵᠠᠢ᠃        ᠴᠢᠯᠠᠭᠤ ᠪᠠᠭᠰᠢ ᠠᠩᠬᠢ ᠶᠢᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ᠂ ᠰᠤᠷᠤᠭᠴᠢ ᠨᠢᠭᠡᠪᠦᠷᠢ ᠶᠢᠨ ᠰᠤᠷᠤᠯᠴᠠᠯᠭ᠎ᠠ᠂ ᠬᠥᠳᠡᠯᠮᠦᠷᠢ᠂ ᠠᠩᠬᠢ ᠶᠢᠨ ᠠᠵᠢᠯᠯᠠᠭ᠎ᠠ ᠳᠤᠮᠳᠠᠬᠢ ᠬᠢᠯᠠᠰ ᠴᠡᠭ ᠢ ᠠᠳᠬᠤᠵᠤ᠂ ᠦᠷᠭᠦᠯᠵᠢ ᠮᠠᠭᠲᠠᠨ ᠰᠠᠶᠢᠰᠢᠶᠠᠵᠤ᠂ ᠳᠡᠳᠡᠨᠤᠰ ᠢ ᠨᠤᠲᠠᠯᠠᠵᠤ᠂ ᠳᠡᠳᠡᠨ ᠤ ᠥᠭᠡᠳᠡᠯᠡᠨ ᠳᠠᠪᠰᠢᠬᠤ ᠰᠡᠳᠬᠢᠯ ᠪᠣᠯᠤᠨ ᠡᠷᠳᠡᠮ ᠮᠡᠳᠡᠯᠭᠡ ᠰᠤᠷᠬᠤ ᠬᠦᠰᠡᠯ ᠢ ᠳᠠᠰᠤᠷᠠᠯᠳᠠ ᠦᠭᠡᠢ ᠬᠥᠭᠵᠢᠭᠡᠵᠦ᠂ ᠰᠤᠷᠤᠭᠴᠢᠳ ᠢ ᠰᠤᠷᠤᠯᠴᠠᠬᠤ ᠳᠤᠷᠠᠲᠠᠢ ᠪᠣᠯᠭᠠᠵᠤ᠂ ᠠᠩᠬᠢ ᠶᠢᠨ ᠰᠤᠷᠤᠯᠴᠠᠬᠤ ᠰᠤᠷᠲᠠᠯ ᠢ ᠴᠣ ᠰᠢᠨ᠎ᠡ ᠪᠣᠯᠭᠠᠵᠠᠢ᠃ ᠲᠡᠭᠦᠨ ᠤ ᠳᠠᠭᠠᠭᠤᠯᠤᠭᠰᠠᠨ ᠠᠩᠭᠢ ᠶᠢᠨ ᠳᠥᠷᠪᠡᠨ ᠤ ᠨᠢᠭᠡ ᠬᠤᠪᠢ ᠶᠢᠨ ᠰᠤᠷᠤᠭᠴᠢᠳ ᠨᠢ ᠭᠠᠭᠴᠠ ᠪᠡᠶ᠎ᠡ ᠪᠤᠶᠤ ᠣᠷᠤᠭ ᠰᠠᠯᠤᠭᠰᠠᠨ ᠬᠡᠷ ᠪᠦᠯᠢ ᠶᠢᠨ ᠬᠡᠦᠬᠡᠳ ᠪᠠᠶᠢᠵᠤ᠂ ᠲᠡᠭᠦᠨ ᠤ ᠨᠠᠷᠢᠨ ᠨᠢᠮᠪᠠᠶ ᠵᠢᠯᠣᠭᠤᠳᠣᠯᠭ᠎ᠠ ᠪᠠ ᠬᠠᠯᠠᠮᠵᠢᠯᠠᠯ ᠳᠤᠤᠷ᠎ᠠ᠂ ᠬᠡᠦᠬᠡᠳ ᠤᠳ ᠨᠢ ᠡᠳᠦᠷ ᠢᠷᠡᠬᠦᠶ᠎ᠡ ᠪᠠᠶᠠᠰᠤᠩᠭᠤᠶ᠂ ᠴᠣᠪᠣᠭᠤ ᠳᠡᠭᠵᠢᠨ ᠢᠶᠠᠷ ᠳᠡᠪᠰᠢᠵᠦ ᠪᠠᠶᠢᠨ᠎ᠠ᠃         ᠳᠥᠴᠢ ᠭᠠᠷᠤᠢ ᠵᠢᠯ ᠤᠨ ᠲᠤᠷᠰᠢ᠂ ᠴᠢᠯᠠᠭᠤ ᠴᠠᠭ ᠢᠮᠠᠭᠲᠠ ᠥᠪᠡᠷ ᠢ ᠪᠠᠨ ᠱᠠᠭᠠᠷᠳᠠᠵᠤ᠂ ᠵᠢᠭᠠᠨ ᠰᠤᠷᠭᠠᠬᠤ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠰᠤᠷᠤᠯᠴᠠᠨ ᠰᠤᠳᠤᠯᠵᠤ᠂ ᠰᠢᠯᠢᠳᠡᠭ ᠪᠠᠭᠰᠢ ᠶᠢᠨ ᠬᠢᠴᠢᠶᠡᠯᠯᠡᠬᠦ ᠠᠷᠭ᠎ᠠ᠂ ᠬᠢᠴᠢᠶᠡᠯ ᠲᠦᠷᠦᠯ ᠪᠠ ᠳᠦᠷᠰᠦ ᠰᠢᠩᠭᠡᠭᠡᠯᠲᠡ ᠶᠢ ᠦᠷᠭᠦᠯᠵᠢ ᠰᠤᠳᠤᠯᠵᠤ᠂ ᠨᠣᠮ ᠤᠩᠰᠢᠭᠰᠠᠨ ᠲᠡᠮᠳᠡᠭᠯᠡᠯ ᠢᠶᠠᠨ ᠦᠷᠭᠦᠯᠵᠢ ᠪᠢᠴᠢᠵᠦ᠂ ᠲᠠᠰᠤᠷᠠᠯᠲᠠ ᠦᠭᠡᠢ ᠥᠪᠡᠷ ᠤᠨ ᠪᠡᠶ᠎ᠡ ᠳᠡᠭᠡᠨ ᠴᠠᠬᠢᠯᠭᠠᠨ ᠴᠡᠨᠡᠭᠯᠡᠵᠦ᠂ ᠪᠢᠴᠢᠭ ᠵᠢᠭᠠᠬᠤ ᠳᠤᠮᠳᠠ ᠥᠪᠡᠷ ᠤᠨ ᠬᠡᠪ ᠴᠢᠨᠠᠷ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠮᠦᠨ ᠢ ᠬᠥᠮᠦᠵᠢᠭᠦᠯᠬᠦ ᠳᠤᠮᠳᠠ ᠥᠪᠡᠷ ᠤᠨ ᠰᠦᠭ ᠰᠦᠨᠡᠰᠦ ᠪᠠᠨ ᠲᠠᠰᠤᠷᠠᠯᠲᠠ ᠦᠭᠡᠢ ᠴᠡᠪᠡᠷᠰᠢᠭᠦᠯᠵᠦ᠂ ︽ᠪᠠᠭᠰᠢ︾ ᠭᠡᠬᠦ ᠡᠨᠡ ᠬᠦ ᠲᠤᠬᠠᠶᠢᠯᠠᠭᠰᠠᠨ ᠠᠵᠢᠯ ᠳᠠᠭᠠᠨ ᠣᠰᠣᠯᠳᠠᠬᠤ ᠦᠭᠡᠢ ᠪᠠᠶᠢᠬᠤ ᠶᠢ ᠪᠡᠶᠡᠯᠡᠬᠦᠯᠦᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ