| | | | ᠮᠠᠨ ᠤ ᠤᠯᠤᠰ ᠲᠤ ᠴᠡᠴᠡᠭ ᠤᠨ ᠲᠣᠭᠤᠰᠣᠨ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂ 4 ᠰᠠᠷ᠎ᠠ ᠲᠠᠢ ᠨᠢᠯᠬ᠎ᠠ ᠬᠡᠦᠬᠡᠳ ᠠᠴᠠ | ᠠᠪᠤᠭᠠᠳ 60 ᠨᠠᠰᠤᠨ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃ ᠲᠡᠭᠡᠪᠡᠯ | ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ ᠲᠤᠬᠠᠢ ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ | ᠲᠥᠪ ᠤᠨ ᠬᠢᠨ ᠬᠠᠮᠢᠶᠠᠲᠠᠢ ᠮᠡᠳᠡᠭᠡ ᠨᠡᠶᠢᠲᠡᠯᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃ ᠲᠤᠬᠠᠶᠢᠯᠠᠪᠠᠯ᠂ ᠨᠢᠭᠡ ᠳᠤ᠂ ᠬᠤᠸᠠᠷ ᠴᠡᠴᠡᠭ ᠲᠠᠢ ᠰᠢᠭᠤᠳ | ᠣᠶᠢᠷᠠᠲᠤᠬᠤ ᠦᠭᠡᠢ᠃ ᠭᠠᠳᠠᠭᠰᠢ ᠭᠠᠷᠬᠤ ᠪᠠᠨ ᠴᠥᠭᠡᠳᠬᠡᠵᠦ᠂ ᠣᠨᠴᠠᠭᠠᠶᠢᠯᠠᠨ ᠴᠡᠴᠡᠭ ᠤᠨ ᠲᠣᠭᠤᠰᠣ ᠶᠡᠬᠡᠲᠡᠢ ᠦᠶᠡᠰ᠂ ᠡᠭᠦᠳᠡ ᠴᠣᠩᠬᠤ ᠪᠠᠨ | ᠪᠢᠲᠡᠭᠦᠮᠵᠢᠯᠡᠵᠦ᠂ ᠴᠢᠳᠠᠪᠠᠯ ᠭᠡᠷ ᠳᠣᠲᠣᠷ᠎ᠠ ᠪᠠᠨ ᠠᠭᠠᠷ ᠴᠡᠪᠡᠷᠰᠢᠭᠦᠯᠬᠦ ᠮᠠᠰᠢᠨ ᠢ ᠬᠡᠷᠡᠭᠯᠡᠬᠦ ᠬᠡᠷᠡᠭᠲᠡᠢ᠃ ᠬᠤᠶᠠᠷ ᠲᠤ᠂ ᠭᠠᠳᠠᠭᠰᠢ ᠭᠠᠷᠪᠠᠯ ᠰᠡᠷᠭᠡᠶᠢᠯᠡᠯᠲᠡ ᠪᠠᠨ | ᠰᠠᠶᠢᠨ ᠬᠢᠬᠦ ᠬᠡᠷᠡᠭᠲᠡᠢ᠃ ᠭᠠᠳᠠᠭᠰᠢ ᠭᠠᠷᠬᠤ ᠳᠠᠭᠠᠨ ᠤᠷᠲᠤ ᠬᠠᠨᠴᠤᠢ ᠲᠠᠢ ᠬᠤᠪᠴᠠᠰᠤ ᠡᠮᠦᠰᠴᠦ᠂ ᠠᠮᠠᠪᠴᠢ᠂ ᠨᠢᠳᠦᠨ ᠰᠢᠯ ᠵᠡᠭᠦᠵᠦ᠂ ᠮᠠᠰᠢᠨ | ᠵᠢᠯᠣᠭᠤᠳᠬᠤ ᠳᠠᠭᠠᠨ ᠴᠣᠩᠬᠤ ᠶᠢ ᠨᠢ ᠴᠢᠩᠭ᠎ᠠ ᠬᠠᠭᠠᠬᠤ ᠬᠡᠷᠡᠭᠲᠡᠢ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠳᠠᠷ ᠬᠤᠪᠴᠠᠰᠤ ᠪᠠᠨ ᠳᠠᠷᠦ᠋ᠢᠬᠠᠨ ᠰᠣᠯᠢᠵᠤ᠂ | ᠨᠢᠭᠤᠷ ᠢᠶᠠᠨ ᠤᠬᠢᠶᠠᠵᠤ᠂ ᠠᠮᠠ ᠬᠠᠮᠠᠷ ᠢᠶᠠᠨ ᠵᠠᠶᠢᠯᠬᠤ ᠬᠡᠷᠡᠭᠲᠡᠢ᠃ ᠭᠤᠷᠪᠠ ᠳᠤ᠂ ᠳᠠᠷᠬᠠᠯᠠᠭ᠎ᠠ ᠪᠠᠨ ᠰᠠᠶᠢᠵᠢᠷᠠᠭᠤᠯᠬᠤ ᠬᠡᠷᠡᠭᠲᠡᠢ᠃ ᠡᠭᠦᠨ ᠳᠤ ᠰᠠᠶᠢᠨ ᠤᠨᠲᠠᠵᠤ | ᠠᠮᠠᠷᠠᠨ᠂ ᠢᠳᠡᠭᠡᠨ ᠤᠮᠳᠠᠭᠠᠨ ᠢᠶᠠᠨ ᠵᠣᠬᠢᠴᠠᠭᠤᠯᠵᠤ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ᠂ ᠲᠣᠭᠲᠠᠭᠰᠠᠨ ᠬᠤᠭᠤᠴᠠᠭᠠᠨ ᠳᠤ ᠪᠡᠶ᠎ᠡ ᠪᠠᠨ | ᠪᠣᠯᠪᠠᠰᠤᠷᠠᠭᠤᠯᠬᠤ ᠬᠡᠷᠡᠭᠲᠡᠢ᠃ ᠳᠥᠷᠪᠡ ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠦ᠋ᠢᠬᠠᠨ ᠡᠮᠴᠢᠯᠡᠭᠦᠯᠬᠦ ᠬᠡᠷᠡᠭᠲᠡᠢ᠃ ᠠᠮᠠᠷᠬᠠᠨ ᠬᠠᠷᠰᠢᠳᠠᠭ ᠪᠠ ᠠᠭᠰᠠᠭ᠎ᠠ | ᠡᠪᠡᠳᠴᠢᠨ ᠲᠠᠢ ᠬᠥᠮᠥᠰ ᠬᠤᠪᠴᠠᠰᠤ ᠬᠤᠨᠠᠷ ᠢᠶᠠᠨ ᠲᠣᠬᠢᠷᠠᠭᠤᠯᠵᠤ᠂ ᠵᠢᠩᠭᠢᠨᠡᠵᠦ ᠳᠠᠭᠠᠷᠠᠭᠠᠳ ᠬᠢᠮᠤᠷᠠᠭ᠎ᠠ ᠲᠠᠭᠰᠢᠭᠤᠷ ᠣᠯᠬᠤ ᠠᠴᠠ ᠪᠣᠯᠭᠤᠮᠵᠢᠯᠠᠬᠤ ᠬᠡᠷᠡᠭᠲᠡᠢ᠃ | ᠬᠠᠷᠰᠢᠬᠤ ᠪᠠᠶᠢᠳᠠᠯ ᠬᠦᠨᠳᠦᠷᠡᠪᠡᠯ ᠳᠠᠷᠦ᠋ᠢᠬᠠᠨ ᠡᠮᠴᠢᠯᠡᠭᠦᠯᠬᠦ ᠬᠡᠷᠡᠭᠲᠡᠢ᠃ |