ᠪᠠᠭᠠᠷᠢᠨ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/6/19
ᠨᠢᠭᠡ᠂ ᠭᠤᠣᠯ ᠡᠭᠦᠷᠭᠡ ᠬᠠᠷᠢᠭᠤᠴᠠᠯᠭ᠎ᠠ       1 . ᠪᠦᠬᠦ ᠬᠤᠰᠢᠭᠤᠨ ᠤ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠲᠥᠰᠦᠭᠡᠯᠡᠵᠦ᠂ ᠬᠤᠷᠸ᠎ᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠪᠠᠷ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠳᠤᠷᠠᠳᠤᠨ᠎ᠠ᠃ ᠬᠤᠰᠢᠭᠤ ᠪᠠ ᠰᠤᠮᠤ ᠪᠠᠯᠭᠠᠰᠤ ︵ᠵᠡᠭᠡᠯᠢ ᠭᠤᠳᠤᠮᠵᠢ︶᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠵᠤ᠂ ᠠᠵᠤ ᠠᠬᠤᠶ ᠨᠡᠶᠢᠭᠡᠮ ᠤᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ ᠪᠥᠬᠦ ᠬᠤᠰᠢᠭᠤᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃        2 . ᠪᠦᠬᠦ ᠬᠤᠰᠢᠭᠤᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠭᠴᠢ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠲᠤᠭᠤᠷᠪᠢᠵᠤ ᠂ ᠬᠢᠨᠠᠨ ᠬᠡᠷᠡᠭᠵᠢᠭᠦᠯᠦᠨ᠎ᠡ᠃        3 . ᠬᠤᠰᠢᠭᠤᠨ ᠲᠣᠰ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠣᠨ ᠤ ᠬᠤᠰᠢᠭᠤᠨ ᠤ ᠲᠣᠰ ᠱᠠᠲᠤᠨ ᠤ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠰᠢᠭᠤ ᠲᠣᠰ ᠱᠠᠲᠤᠨ ᠤ ᠰᠠᠯᠠᠭ᠎ᠠ ᠮᠥᠴᠢᠷ ︵ᠨᠢᠭᠡᠴᠡ︶᠎ ᠤᠨ ᠣᠨ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠵᠥᠪᠰᠢᠶᠡᠷᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠭᠦᠢᠴᠡᠳᠬᠡᠬᠦ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ ᠮᠡᠳᠡᠭᠦᠯᠦᠨ᠎ᠡ᠃ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠤᠰᠢᠭᠤᠨ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠲᠣᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠬᠤᠰᠢᠭᠤᠨ ᠤ ᠱᠠᠲᠤᠨ ᠤ ᠵᠢᠯ ᠤᠨ ᠡᠴᠦᠰ ᠤᠨ ᠲᠥᠰᠦᠪ ᠤᠨ ᠬᠦᠢᠴᠡᠳᠬᠡᠯ ᠢ ᠬᠦᠢᠴᠡᠳᠬᠡᠨ᠎ᠠ᠃         4 . ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠬᠠᠤᠯᠢ ᠲᠣᠭᠲᠠᠭᠠᠯ ᠵᠢᠴᠢ ᠭᠠᠶᠢᠯᠢ ᠲᠠᠲᠠᠪᠤᠷᠢ ᠶᠢᠨ ᠲᠣᠬᠢᠷᠠᠭᠤᠯᠤᠯᠲᠠ ᠶᠢᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠭᠠᠶᠢᠯᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠪᠠᠷ ᠮᠡᠳᠡᠭᠦᠯᠬᠦ ᠠᠵᠢᠯ ᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠨᠠᠶᠢᠳᠠᠪᠤᠷᠢᠵᠢᠭᠤᠯᠤᠨ᠎ᠠ᠃        5 . ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ  ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠡᠮᠬᠢᠳᠬᠡᠨ ᠨᠠᠢᠷᠠᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠣᠭᠲᠠᠭᠠᠯ ᠶᠣᠰᠣᠭᠠᠷ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠶᠢ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠬᠤ᠃ ᠰᠤᠭᠤᠯᠠᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠬᠤᠯᠪᠣᠭᠳᠠᠯ ᠪᠦᠬᠦᠢ ᠠᠷᠭ᠎ᠠ ᠶᠢ ᠬᠡᠷᠡᠭᠵᠢᠭᠦᠯᠵᠦ᠂ ᠰᠤᠭᠤᠯᠠᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠰᠤᠭᠤᠯᠠᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃       6 . ᠤᠯᠤᠰ ᠤᠨ ᠰᠠᠩ ᠤᠨ ᠬᠠᠮᠢᠶᠠᠷᠤᠯᠲᠠ ᠶᠢᠨ ᠲᠦᠷᠢᠮ᠂ ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠤᠯᠤᠰ ᠤᠨ ᠰᠠᠩ ᠤᠨ ᠲᠤᠬᠠᠶᠢᠯᠠᠭᠰᠠᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       7 . ᠵᠠᠰᠠᠭ  ᠤᠨ ᠣᠷᠳᠣᠨ ᠤ ᠤᠯᠤᠰ ᠠᠴᠠ ᠳᠣᠲᠣᠭᠠᠳᠤ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠪᠠ ᠲᠥᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠵᠠᠰᠠᠭ  ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠵᠠᠰᠠᠭ  ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠪᠠᠷ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃        8 . ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠡᠷᠬᠡ ᠣᠯᠭᠤᠯᠲᠠ ᠶᠢ ᠦᠨᠳᠦᠰᠦᠯᠡᠨ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ  ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ ᠬᠦᠢᠴᠡᠳᠬᠡᠨ᠎ᠡ᠃ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠪᠠ ᠡᠳ᠋ ᠤᠨ ᠵᠠᠰᠠᠭ ᠬᠢᠭᠡᠳ ᠮᠥᠩᠭᠦᠨ ᠬᠦᠢᠯᠬᠡᠬᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ  ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠤᠨ᠎ᠠ᠃        9 . ᠪᠦᠬᠦ ᠬᠤᠰᠢᠭᠤᠨ ᠤ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠢᠨᠠᠨ ᠲᠤᠰᠢᠶᠠᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃        10 . ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ  ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠥᠬᠦᠶ ᠪᠠᠯᠠ ᠮᠥᠩᠭᠦ ︵ᠰᠠᠭᠤᠷᠢ ᠮᠥᠩᠭᠦ︶᠎ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃        11 . ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ ᠵᠢᠴᠢ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠡᠳ᠋ ᠤᠨ ᠵᠠᠰᠠᠭ ᠠᠴᠠ ᠰᠠᠯᠭᠠᠨ ᠥᠭᠬᠦ ᠵᠣᠭᠤᠰ ᠢ ᠬᠠᠷᠢᠭᠤᠴᠠᠨ ᠭᠦᠢᠴᠡᠳᠬᠡᠬᠦ ᠪᠠ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ ᠢ ᠲᠣᠭᠲᠠᠭᠠᠨ᠎ᠠ᠃       12 . ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠭᠴᠢ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ᠂ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠶᠢᠨ ᠨᠡᠶᠢᠭᠡᠮᠯᠢᠭ ᠪᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠢ ᠬᠠᠪᠰᠤᠷᠤᠨ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠯᠲᠠ ᠶᠢ ᠵᠢᠯᠣᠭᠤᠳᠤᠨ ᠬᠠᠮᠢᠶᠠᠷᠤᠨ᠎ᠠ᠃ ᠡᠳ᠋ ᠬᠦᠷᠦᠩᠭᠡ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃             13 . ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠠᠵᠢᠯ ᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠡᠵᠡᠮᠳᠡᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠤᠨ᠎ᠠ᠃        14 . ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡᠨ ᠬᠤᠳᠠᠯᠳᠤᠨ ᠠᠪᠬᠤ ᠳᠦᠷᠢᠮ᠂ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       15 . ᠤᠯᠤᠰ ᠤᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠣᠣᠱᠯᠠᠭᠤᠯᠣᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠤᠨ ᠲᠥᠯᠥᠪᠯᠡᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠡᠮᠵᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠬᠢᠭᠡᠳ ᠠᠮᠤᠷ ᠲᠦᠪᠰᠢᠨ ᠢ ᠬᠠᠮᠠᠭᠠᠯᠠᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ  ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠦᠨ᠎ᠡ᠃        16 . ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ  ᠭᠦᠢᠴᠡᠳᠬᠡᠬᠦ ᠲᠣᠭᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠᠷᠢᠮᠵᠢᠶ᠎ᠠ ᠪᠠ ᠠᠷᠭ᠎ᠠ ᠬᠡᠮᠵᠢᠶ᠎ᠡ ᠠᠷᠭ᠎ᠠ ᠶᠢ ᠲᠣᠭᠲᠠᠭᠠᠨ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠵᠦ ᠪᠠᠶᠢᠭ᠎ᠠ ᠪᠠᠶᠢᠳᠠᠯ ᠢ ᠪᠦᠷᠢᠳᠬᠡᠬᠦ ᠂ ᠲᠤᠯᠭᠠᠨ ᠪᠤᠳᠤᠬᠤ ᠪᠠᠷ ᠳᠠᠮᠵᠢᠭᠤᠯᠤᠨ ᠬᠢᠨᠠᠨ ᠬᠠᠮᠢᠶᠠᠷᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠬᠤ ᠶᠢ ᠵᠢᠯᠣᠭᠤᠳᠤᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠪᠠ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠤᠨ᠎ᠠ᠃        17 . ᠲᠤᠰ ᠠᠵᠢᠯ ᠲᠥᠷᠥᠯ᠂ ᠲᠤᠰ ᠰᠠᠯᠠᠭ᠎ᠠ ᠮᠥᠴᠢᠷ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃       18 . ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        19 . ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ     ︵1︶ ᠬᠤᠷᠸ᠎ᠠ ᠲᠤᠬᠢᠷᠠᠭᠤᠯᠤᠯ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠪᠠᠶᠢᠳᠠᠯ ᠤᠨ ᠪᠠᠶᠢᠴᠠᠭᠠᠯᠲᠠ ᠪᠠ ᠰᠤᠳᠤᠯᠭᠠᠨ ᠢ ᠴᠢᠬᠤᠯᠠᠴᠢᠯᠠᠵᠤ᠂ ᠠᠵᠤ ᠠᠬᠤᠢ ᠶᠢᠨ ᠬᠢᠨᠠᠨ ᠬᠡᠮᠵᠢᠬᠦ ᠤᠷᠢᠳᠴᠢᠯᠠᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠵᠤ᠂ ᠬᠤᠷᠸ᠎ᠠ ᠲᠤᠬᠢᠷᠠᠭᠤᠯᠤᠯ ᠡᠵᠡᠮᠳᠡᠯ ᠤᠨ ᠪᠠᠷᠠᠭᠠᠯᠬᠢᠯᠠᠯ ᠤᠨ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ᠃       ︵2︶ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠡᠳ᠋ ᠤᠨ ᠵᠠᠰᠠᠭ ᠣᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ᠂ ᠬᠤᠰᠢᠭᠤ ᠪᠠ ᠰᠤᠮᠤ ᠪᠠᠯᠭᠠᠰᠤ ︵ᠵᠡᠭᠡᠯᠢ ᠭᠤᠳᠤᠮᠵᠢ︶᠎ ᠶᠢᠨ ᠣᠷᠣᠯᠭ᠎ᠠ ᠶᠢᠨ ᠬᠤᠪᠢᠶᠠᠷᠢᠯᠠᠯ ᠢ ᠰᠢᠯᠤᠭᠤᠳᠬᠠᠨ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠬᠤᠰᠢᠭᠤ ᠪᠠ ᠰᠤᠮᠤ ᠪᠠᠯᠭᠠᠰᠤ ︵ᠵᠡᠭᠡᠯᠢ ᠭᠤᠳᠤᠮᠵᠢ︶᠎ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠎ᠠ᠃ ᠰᠢᠯᠵᠢᠭᠦᠯᠦᠨ ᠥᠭᠬᠦ ᠲᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠶᠢ ᠲᠦᠷᠦᠯ ᠬᠤᠪᠢᠶᠠᠬᠤ ᠶᠢ ᠰᠢᠯᠢᠳᠡᠭᠵᠢᠭᠦᠯᠦᠨ᠂ ᠰᠢᠯᠵᠢᠭᠦᠯᠦᠨ ᠥᠭᠬᠦ ᠵᠦᠢᠯᠡᠰ ᠢ ᠵᠢᠷᠤᠮᠵᠢᠭᠤᠯᠵᠤ᠂ ᠣᠷᠣᠨ ᠨᠤᠲᠤᠭ ᠤᠨ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠲᠥᠰᠦᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠲᠠᠯ᠎ᠠ ᠪᠠᠷ ᠵᠢᠷᠤᠮᠵᠢᠭᠰᠠᠨ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠶ ᠲᠥᠰᠦᠪ ᠤᠨ ᠳᠦᠷᠢᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠦᠨ᠎ᠡ᠃        ︵3︶ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠠᠯᠠ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ᠪᠢᠲᠡᠭᠦᠦ ᠴᠠᠭᠠᠷᠢᠭ︾ ︵ᠵᠢᠭᠡᠯᠡᠬᠦ ᠬᠡᠷᠡᠭᠯᠡᠬᠦ ᠬᠠᠮᠢᠶᠠᠷᠬᠤ ᠪᠤᠴᠠᠭᠠᠬᠤ︶ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠡᠵᠡᠮᠳᠡᠵᠦ᠂ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃       20 . ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ        ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠪᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠤᠨ ᠭᠠᠶᠢᠯᠢ ᠶᠢᠨ ᠵᠦᠢᠯ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ᠂ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠠᠲᠠᠪᠤᠷᠢ ᠶᠢᠨ ᠬᠡᠷᠡᠭᠵᠢᠭᠦᠯᠬᠦ ᠨᠠᠷᠢᠨ ᠲᠦᠷᠢᠮ ᠢ ᠬᠡᠷᠡᠭᠵᠢᠭᠦᠯᠬᠦ ᠶᠠᠪᠤᠴᠠ ᠳᠠᠬᠢ ᠲᠠᠲᠠᠪᠤᠷᠢᠯᠠᠨ ᠬᠠᠮᠢᠶᠠᠷᠬᠤ ᠪᠠ ᠡᠩ ᠤᠨ ᠴᠢᠨᠠᠷᠲᠠᠶ ᠭᠠᠶᠢᠯᠢ ᠶᠢᠨ ᠶᠠᠪᠤᠳᠠᠯ ᠤᠨ ᠠᠰᠠᠭᠤᠳᠠᠯ ᠳᠤ ᠲᠠᠶᠢᠯᠪᠤᠷᠢᠯᠠᠯᠲᠠ ᠬᠢᠵᠦ᠂ ᠬᠡᠷᠡᠭ ᠤᠨ ᠳᠠᠷᠠᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠳᠠᠩᠰᠠᠯᠠᠭᠤᠯᠤᠨ᠎ᠠ᠃ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠬᠤᠷᠢᠶᠠᠬᠤ ᠲᠦᠷᠢᠮ ᠢ ᠬᠠᠷᠢᠭᠤᠴᠠᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢᠨ ᠲᠠᠩᠰᠠᠨ ᠡᠷᠦᠬᠡ᠂ ᠬᠤᠷᠢᠶᠠᠬᠤ ᠲᠤᠰᠢᠶᠠᠬᠤ ᠠᠷᠭ᠎ᠠ ᠬᠡᠯᠪᠡᠷᠢ᠂ ᠪᠤᠴᠠᠭᠠᠨ ᠥᠭᠴᠦ ᠬᠥᠮᠥᠷᠭᠡ ᠠᠴᠠ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠬᠤᠷᠢᠶᠠᠬᠤ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠶᠢᠯᠢ ᠶᠢᠨ ᠪᠤᠰᠤ ᠣᠷᠣᠯᠭ᠎ᠠ ᠶᠢ ᠮᠡᠳᠡᠭᠦᠯᠦᠨ ᠲᠠᠲᠠᠪᠤᠷᠢᠯᠠᠬᠤ᠂ ᠬᠠᠮᠲᠤᠷᠠᠨ ᠨᠢᠭᠡᠳᠦᠯᠲᠡᠶ ᠲᠣᠭᠠᠴᠠᠭ᠎ᠠ ᠬᠢᠬᠦ᠂ ᠰᠦᠢᠳᠬᠡᠯ ᠲᠤᠰᠢᠶᠠᠬᠤ ᠶᠢ ᠪᠠᠶᠢᠴᠠᠭᠠᠬᠤ ᠳᠤ ᠥᠷᠢᠲᠦᠭᠰᠡᠨ ᠰᠦᠢᠳᠬᠡᠯ ᠢ ᠨᠡᠬᠡᠮᠵᠢᠯᠡᠨ ᠲᠤᠰᠢᠶᠠᠯᠭᠠᠬᠤ ᠪᠠ ᠬᠠᠤᠯᠢ ᠠᠴᠠ ᠵᠥᠷᠢᠴᠡᠨ ᠰᠢᠳᠬᠡᠨ ᠲᠣᠷᠭᠠᠬᠤ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠨ᠎ᠡ᠃ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ          1 . ᠠᠯᠪᠠᠨ ᠬᠡᠷ᠃          2.  ᠶᠡᠷᠦᠩᠬᠡᠶᠢᠯᠡᠭᠰᠡᠨ ᠪᠠ ᠤᠯᠤᠰ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠰᠤᠭ᠃          3 . ᠲᠥᠰᠦᠪ ᠪᠠ ᠦᠷ᠎ᠡ ᠪᠦᠲᠦᠮᠵᠢ ᠶᠢ ᠦᠨᠡᠯᠡᠬᠦ ᠬᠢᠨᠠᠯᠲᠠ ᠲᠠᠯᠪᠢᠬᠤ ᠲᠠᠰᠤᠭ᠃          4.  ᠤᠯᠤᠰ ᠤᠨ ᠬᠥᠮᠥᠷᠭᠡ ᠪᠠ ᠬᠤᠳᠠᠯᠳᠤᠨ ᠠᠪᠬᠤ ᠬᠠᠮᠢᠶᠠᠷᠤᠯᠲᠠ ᠶᠢᠨ ᠲᠠᠰᠤᠭ᠃          5 . ᠵᠠᠰᠠᠭ ᠵᠠᠬᠢᠷᠭᠠᠨ ᠤ ᠰᠤᠷᠭᠠᠨ ᠬᠥᠮᠦᠵᠢᠯ ᠤᠯᠤᠰ ᠲᠥᠷᠥ ᠬᠠᠤᠯᠢ ᠴᠠᠭᠠᠵᠠ ᠰᠢᠨᠵᠢᠯᠡᠭᠡ ᠮᠡᠷᠭᠡᠵᠢᠯ ᠰᠣᠶᠣᠯ ᠤᠨ ᠲᠠᠰᠤᠭ᠃          6 . ᠠᠵᠤ ᠠᠬᠤᠶ ᠠᠷᠠᠯᠵᠢᠶ᠎ᠠ᠂ ᠡᠬᠢ ᠪᠠᠶᠠᠯᠢᠭ ᠣᠷᠴᠢᠨ ᠲᠣᠭᠤᠷᠢᠨ ᠪᠠ ᠬᠢᠨᠠᠨ ᠲᠣᠭᠲᠠᠭᠠᠬᠤ ᠲᠠᠰᠤᠭ᠃         7 . ᠲᠠᠷᠢᠶᠠᠯᠠᠩ ᠮᠠᠯ ᠠᠵᠤ ᠠᠬᠤᠶ ᠪᠠ ᠦᠨᠳᠦᠰᠦᠨ ᠱᠠᠲᠤᠨ ᠤ ᠬᠠᠮᠢᠶᠠᠷᠤᠯᠲᠠ ᠶᠢᠨ ᠲᠠᠰᠤᠭ᠃          8 . ᠨᠡᠶᠢᠭᠡᠮ ᠤᠨ ᠪᠠᠲᠤᠯᠠᠭ᠎ᠠ ᠶᠢᠨ ᠲᠠᠰᠤᠭ᠃          9 ᠨᠢᠭᠲᠠᠯᠠᠨ ᠪᠤᠳᠤᠬᠤ ᠠᠵᠢᠯ ᠤᠨ ᠲᠠᠰᠤᠭ᠃          10 . ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠭᠤᠷᠪᠠ᠂ ᠬᠠᠷᠢᠯᠴᠠᠬᠤ ᠠᠷᠭ᠎ᠠ ᠮᠠᠶ᠋ᠢᠭ          ᠠᠵᠢᠯᠯᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠪᠠᠭᠠᠷᠢᠨ ᠵᠠᠮ ᠤᠨ ᠪᠠᠷᠠᠭᠤᠨ         ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠃         ᠦᠳᠡ ᠶᠢᠨ ᠡᠮᠦᠨ᠎ᠡ 8᠄ 30-11᠄ 30᠃ ᠦᠳᠡ ᠶᠢᠨ ᠬᠤᠶᠢᠨ᠎ᠠ 14᠄ 30-17᠄ 30᠃         ᠬᠠᠷᠢᠯᠴᠠᠬᠤ ᠤᠲᠠᠰᠤ᠄ 0476 - 6223248         ᠬᠠᠷᠢᠭᠤᠴᠠᠯᠭᠠᠲᠠᠨ᠄ ᠸᠠᠩ ᠳ᠋ᠢᠶᠠᠨ ᠬᠤᠸᠠ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ