2024 ᠣᠨ ᠤ 1 - 5 ᠰᠠᠷ᠎ᠠ ᠳᠤ ᠪᠠᠭᠠᠷᠢᠨ ᠪᠠᠷᠠᠭᠤᠨ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/6/29
       1-5 ᠰᠠᠷ᠎ᠠ ᠳᠤ᠂ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠥᠭᠵᠢᠯᠲᠡ ᠶᠢᠨ ᠦᠨᠳᠦᠰᠦᠨ ᠬᠦᠭ ᠠᠶᠠᠰ ᠢ ᠪᠠᠷᠢᠮᠲᠠᠯᠠᠵᠤ᠂ ᠪᠦᠬᠦ ᠬᠤᠰᠢᠭᠤᠨ ᠤ ᠠᠵᠤ ᠠᠬᠤᠢ ᠲᠣᠭᠲᠠᠭᠤᠨ ᠢᠶᠠᠷ ᠨᠡᠮᠡᠭᠳᠡᠪᠡ᠃        ᠨᠢᠭᠡ᠂ ᠠᠵᠤ ᠦᠢᠯᠡᠳᠪᠦᠷᠢ ᠶᠢᠨ ᠠᠵᠤ ᠠᠬᠤᠶ ᠪᠠᠭ᠎ᠠ ᠬᠡᠮᠵᠢᠶ᠎ᠡ ᠪᠠᠷ ᠨᠡᠮᠡᠭᠳᠡᠪᠡ       1-5 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0 . 5 %᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠭᠦᠨ ᠤ ᠥᠷᠲᠡᠭ 9 . 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 8 %᠎ ᠪᠠᠷ ᠪᠠᠭᠤᠷᠠᠪᠠ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂  ᠦᠢᠯᠡᠳᠬᠦ  ᠦᠢᠯᠡᠰ ᠤᠨ  ᠦᠢᠯᠡᠳᠭᠦᠨ ᠤ ᠥᠷᠲᠡᠭ 1 . 1 ᠳ᠋ᠦᠩᠰᠢᠭᠤᠷ ᠲᠥᠭᠦᠷᠢᠭ ᠲᠤ ᠬᠦᠷᠴᠦ᠂ 11 . 7 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 33 . 1 %᠎ ᠪᠠᠷ ᠨᠡᠮᠡᠭᠳᠡᠪᠡ︔ ᠠᠭᠤᠷᠬᠠᠶ ᠮᠠᠯᠲᠠᠬᠤ ᠦᠢᠯᠡᠰ ᠤᠨ ᠦᠢᠯᠡᠳᠭᠦᠨ ᠤ ᠥᠷᠲᠡᠭ 0 . 6 ᠳ᠋ᠦᠩᠰᠢᠭᠤᠷ ᠲᠥᠭᠦᠷᠢᠭ ᠲᠤ ᠬᠦᠷᠴᠦ᠂ 6 . 5 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 161 . 2 %᠎ ᠢᠶᠠᠷ ᠨᠡᠮᠡᠭᠳᠡᠪᠡ︔ ᠴᠠᠬᠢᠯᠭᠠᠨ ᠬᠦᠴᠦᠨ ᠤ  ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠦᠢᠯᠡᠳᠭᠦᠨ ᠤ ᠥᠷᠲᠡᠭ 7 . 5 ᠳ᠋ᠦᠩᠰᠢᠭᠤᠷ ᠲᠥᠭᠦᠷᠢᠭ ᠲᠤ ᠬᠦᠷᠴᠦ᠂ 60 . 4 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 14 . 8 %᠎ ᠪᠠᠷ ᠪᠠᠭᠤᠷᠠᠪᠠ᠃       ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠣᠯᠪᠠ      1-5 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 54 . 8 %᠎ ᠪᠠᠷ ᠨᠡᠮᠡᠭᠳᠡᠪᠡ᠃ ᠡᠭᠦᠨ ᠳᠤ᠂ ᠲᠥᠷᠥᠯ ᠵᠦᠢᠯ ᠤᠨ ᠪᠠᠯᠠ ᠣᠷᠣᠭᠤᠯᠤᠯᠲᠠ 66 . 9 %᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 5 . 5 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 67 . 8 %᠎ ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 21 . 7 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 12 . 8 %᠎ ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 72 . 8 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 219 . 8 %᠎ ᠪᠠᠷ ᠨᠡᠮᠡᠭᠳᠡᠪᠡ᠃ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ 29 ᠪᠠᠷᠢᠯᠭ᠎ᠠ ᠶᠢᠨ ᠲᠥᠷᠥᠯ ᠵᠦᠢᠯ ᠪᠠᠶᠢᠨ᠎ᠠ᠃      ᠭᠤᠷᠪᠠ᠂ ᠵᠠᠬ᠎ᠠ ᠳᠡᠯᠭᠡᠭᠦᠷ ᠤᠨ ᠬᠡᠷᠡᠭᠯᠡᠭᠡ ᠲᠣᠭᠲᠠᠭᠤᠨ ᠢᠶᠠᠷ ᠳᠡᠭᠡᠭᠰᠢᠯᠡᠪᠡ      1-5 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 7 . 7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 3 %᠎ ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 5 . 3 ᠳ᠋ᠦᠩᠰᠢᠭᠤᠷ ᠲᠥᠭᠦᠷᠢᠭ ᠪᠠᠶᠢᠵᠤ᠂ 1 . 1 %᠎ ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠶᠢ 2 . 4 ᠳ᠋ᠦᠩᠰᠢᠭᠤᠷ ᠲᠥᠭᠦᠷᠢᠭ ᠲᠤ ᠬᠦᠷᠭᠡᠵᠦ᠂ 1 . 8 %᠎ ᠪᠠᠷ ᠨᠡᠮᠡᠭᠳᠡᠭᠦᠯᠦᠨ᠎ᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ ᠶᠢ 6 . 9 ᠳ᠋ᠦᠩᠰᠢᠭᠤᠷ ᠲᠥᠭᠦᠷᠢᠭ ᠲᠤ ᠬᠦᠷᠭᠡᠵᠦ᠂ 1 . 3 %᠎ ᠪᠠᠷ ᠨᠡᠮᠡᠭᠳᠡᠭᠦᠯᠦᠨ᠎ᠡ︔ ᠢᠳᠡᠭᠡᠨ ᠤᠮᠳᠠᠭᠠᠨ ᠤ ᠣᠷᠣᠯᠭ᠎ᠠ 0 . 8 ᠳ᠋ᠦᠩᠰᠢᠭᠤᠷ ᠲᠥᠭᠦᠷᠢᠭ ᠲᠤ ᠬᠦᠷᠴᠦ᠂ 1 . 7 %᠎ ᠪᠠᠷ ᠨᠡᠮᠡᠭᠳᠡᠪᠡ᠃       ᠳᠥᠷᠪᠡ᠂ ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ       1-5 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2 . 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12 . 9 %᠎ ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 0 . 7 ᠳ᠋ᠦᠩᠰᠢᠭᠤᠷ ᠲᠥᠭᠦᠷᠢᠭ ᠲᠤ ᠬᠦᠷᠴᠦ᠂ 18 . 7 %᠎ ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 29 . 2 %᠎ ᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 1 . 7 ᠳ᠋ᠦᠩᠰᠢᠭᠤᠷ ᠲᠥᠭᠦᠷᠢᠭ ᠲᠤ ᠬᠦᠷᠴᠦ᠂ 36 . 4 %᠎ ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 70 . 8 %᠎ ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 11 . 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9 . 4 %᠎ ᠪᠠᠷ ᠪᠠᠭᠤᠷᠠᠪᠠ᠃      ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ     5 ᠳ᠋ᠤᠭᠠᠷ ᠰᠠᠷ᠎ᠠ ᠶᠢᠨ ᠰᠡᠭᠦᠯᠴᠢ ᠪᠠᠷ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 104 . 0 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8 . 9 %᠎ ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠡᠷᠦᠬᠡ ᠶᠢᠨ ᠬᠠᠳᠠᠭᠠᠯᠠᠮᠵᠢ 89 . 0 ᠳ᠋ᠦᠩᠰᠢᠭᠤᠷ ᠲᠥᠭᠦᠷᠢᠭ ᠲᠤ ᠬᠦᠷᠴᠦ᠂ 11 . 8 %᠎ ᠪᠠᠷ ᠨᠡᠮᠡᠭᠳᠡᠪᠡ᠃ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 118 . 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10 . 2 %᠎ ᠢᠶᠠᠷ ᠨᠡᠮᠡᠭᠳᠡᠪᠡ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ 86 . 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18 . 9 %᠎ ᠪᠠᠷ ᠨᠡᠮᠡᠭᠳᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ