ᠪᠠᠶᠢᠷᠢ ᠶᠢᠨ ᠠᠮᠤᠷ ᠲᠦᠪᠰᠢᠨ ᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2024/7/19
         ᠰᠤᠷᠭᠠᠭᠤᠯᠢ ᠡᠬᠢᠯᠡᠭᠰᠡᠨ ᠤ ᠳᠠᠷᠠᠭ᠎ᠠ᠂ ᠪᠠᠶᠢᠷᠢ ᠶᠢᠨ ᠡᠯ᠎ᠡ ᠵᠦᠢᠯ ᠤᠨ ᠴᠠᠬᠢᠯᠭᠠᠨ ᠬᠡᠷᠡᠭᠰᠡᠯ ᠵᠢᠴᠢ ᠰᠤᠷᠤᠭᠴᠢᠳ ᠤᠨ ᠠᠮᠢᠳᠤᠷᠠᠯ ᠤᠨ ᠬᠡᠷᠡᠭᠰᠡᠯ ᠨᠡᠮᠡᠭᠳᠡᠵᠦ ᠂ ᠠᠮᠤᠷ ᠲᠦᠪᠰᠢᠨ ᠤ ᠳᠠᠯᠳᠠ ᠬᠡᠮ ᠢᠯᠡᠳᠲᠡ ᠨᠡᠮᠡᠭᠳᠡᠳᠡᠭ᠃ ᠪᠠᠶᠢᠷᠢ ᠳᠤ ᠰᠠᠭᠤᠭ᠎ᠠ ᠰᠤᠷᠤᠭᠴᠢᠳ ᠡᠷᠬᠡᠪᠰᠢ ᠰᠠᠶᠢᠲᠤᠷ ᠰᠡᠷᠭᠡᠶᠢᠯᠡᠬᠦ ᠬᠡᠷᠡᠭᠲᠡᠶ᠃         1 . ᠠᠮᠠᠷᠬᠠᠨ ᠰᠢᠲᠠᠵᠤ ᠳᠡᠯᠪᠡᠷᠡᠬᠦ ᠡᠳ᠋ ᠪᠣᠳᠠᠰ ᠢ ᠪᠠᠶᠢᠷᠢ ᠳᠤ ᠬᠠᠳᠠᠭᠠᠯᠠᠬᠤ ᠥᠬᠡᠶ᠃         2 . ᠪᠠᠶᠢᠷᠢ ᠶᠢᠨ ᠬᠡᠷ ᠲᠡᠭᠡᠨ ᠴᠠᠬᠢᠯᠭᠠᠨ ᠤᠲᠠᠰᠤ ᠲᠣᠰᠬᠤ ᠥᠬᠡᠶ᠃         3 . ᠶᠡᠭᠡ ᠴᠢᠳᠠᠮᠵᠢᠲᠤ ᠴᠠᠬᠢᠯᠭᠠᠨ ᠴᠡᠨᠡᠭᠯᠡᠭᠦᠷ᠂ ᠴᠠᠬᠢᠯᠭᠠᠨ ᠬᠡᠷᠡᠭᠰᠡᠯ ᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠥᠬᠡᠶ ᠪᠠᠶᠢᠵᠤ ᠬᠡᠪ ᠤᠨ ᠪᠤᠰᠤ ᠪᠠᠶᠢᠳᠠᠯ ᠢᠯᠡᠷᠡᠪᠡᠯ᠂ ᠪᠠᠶᠢᠷᠢ ᠶᠢᠨ ᠬᠠᠮᠢᠶᠠᠷᠤᠭᠴᠢ ᠪᠠᠭᠰᠢ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃         4 . ᠪᠠᠶᠢᠷᠢ ᠠᠴᠠ ᠪᠠᠨ ᠰᠠᠯᠬᠤ ᠦᠶᠡᠰ᠂ ᠡᠷᠬᠡᠪᠰᠢ ᠡᠭᠦᠳᠡ ᠴᠣᠩᠬᠤ ᠵᠢᠴᠢ ᠴᠠᠬᠢᠯᠭᠠᠨ ᠳ᠋ᠧᠩ᠂ ᠴᠠᠬᠢᠯᠭᠠᠨ ᠰᠠᠩᠰᠠ᠂ ᠴᠠᠬᠢᠯᠭᠠᠨ ᠴᠡᠨᠡᠭᠯᠡᠭᠦᠷ ᠵᠡᠷᠭᠡ ᠪᠤᠢ ᠪᠦᠬᠦᠢ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢᠨ ᠴᠠᠬᠢᠯᠭᠠᠨ ᠡᠭᠦᠰᠭᠡᠭᠴᠢ ᠶᠢ ᠪᠠᠶᠢᠴᠠᠭᠠᠵᠤ ᠬᠠᠭᠠᠬᠤ ᠬᠡᠷᠡᠭᠲᠡᠢ᠃         5 . ᠦᠨᠡᠲᠦ ᠡᠳ᠋ ᠪᠣᠳᠠᠰ ᠤᠨ ᠬᠠᠳᠠᠭᠠᠯᠠᠯᠲᠠ ᠶᠢ ᠣᠨᠴᠠᠭᠠᠶᠢᠯᠠᠨ ᠴᠢᠩᠭᠠᠳᠬᠠᠨ᠎ᠠ᠃         6 . ᠪᠠᠶᠢᠷᠢ ᠶᠢᠨ ᠠᠰᠠᠷ ᠲᠤ ᠪᠤᠶᠤ ᠡᠷᠬᠢᠨ ᠲᠣᠭᠤᠷᠢᠨ ᠳᠤ ᠶᠠᠪᠤᠵᠤ ᠰᠠᠭᠤᠬᠤ ᠨᠢ ᠰᠡᠵᠢᠭᠯᠡᠯᠲᠡᠶ ᠬᠥᠮᠦᠨ ᠢ ᠣᠯᠵᠤ ᠮᠡᠳᠡᠪᠡᠯ᠂ ᠰᠣᠨᠣᠷ ᠰᠡᠷᠡᠮᠵᠢ ᠪᠠᠨ ᠴᠢᠩᠭᠠᠳᠬᠠᠵᠤ᠂ ᠢᠯᠡᠭᠦᠬᠡᠨ ᠠᠩᠬᠠᠷᠬᠤ ᠬᠡᠷᠡᠭᠲᠡᠶ᠃
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ