| | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠤᠤᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠥᠭᠵᠢᠯᠲᠡ ᠶᠢᠨ ᠦᠨᠳᠦᠰᠦᠨ ᠬᠥᠭ ᠠᠶᠠᠰ ᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠶᠢᠨ | ᠡᠷᠭᠢᠯᠲᠡ ᠲᠣᠭᠲᠠᠭᠤᠨ ᠪᠠᠶᠢᠨ᠎ᠠ᠃ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ | ᠵᠢᠯ ᠳᠤ ᠪᠠᠭᠠᠷᠢᠨ ᠪᠠᠷᠠᠭᠤᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 31 . 7 ᠳ᠋ᠦᠩᠰᠢᠭᠤᠷ ᠲᠥᠭᠦᠷᠢᠭ ᠲᠤ ᠬᠦᠷᠴᠦ᠂ | ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 0 . 2 % ᠢᠶᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4 . 5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 . 1 % ᠪᠠᠷ | ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8 . 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 2 | % ᠢᠶᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 18 . 3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0 . 3 % ᠪᠠᠷ ᠨᠡᠮᠡᠭᠳᠡᠪᠡ᠃ | ᠨᠢᠭᠡ᠂ ᠲᠠᠷᠢᠶᠠᠯᠠᠩ ᠠᠵᠤ ᠠᠬᠤᠢ ᠲᠣᠭᠲᠠᠭᠤᠨ ᠢᠶᠠᠷ ᠨᠡᠮᠡᠭᠳᠡᠪᠡ | ᠲᠦᠷᠦᠭᠦᠦ ᠬᠠᠭᠠᠰ ᠵᠢᠯ ᠳᠤ᠂ ᠪᠠᠭᠠᠷᠢᠨ ᠪᠠᠷᠠᠭᠤᠨ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ | ᠥᠷᠲᠡᠭ 4 . 5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 . 1 % ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠮᠠᠯ | ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠬᠦᠨ ᠤ ᠪᠥᠬᠦ ᠥᠷᠲᠡᠭ 8 . 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 8 . 1 % ᠪᠠᠷ ᠨᠡᠮᠡᠭᠳᠡᠪᠡ᠃ ᠮᠠᠨ ᠤ ᠬᠤᠰᠢᠭᠤ ᠲᠥᠬᠦᠭᠡᠷᠦᠮᠵᠢᠲᠦ ᠲᠠᠷᠢᠶᠠᠯᠠᠩ ᠤᠨ ᠪᠡᠯᠡ ᠣᠷᠣᠭᠤᠯᠤᠯᠲᠠ ᠶᠢ ᠴᠢᠬᠤᠯᠠᠴᠢᠯᠠᠵᠤ᠂ ᠳᠡᠭᠡᠷ᠎ᠡ ᠬᠠᠭᠠᠰ ᠵᠢᠯ ᠳᠤ | ᠲᠠᠷᠢᠮᠠᠯ ᠤᠨ ᠦᠢᠯᠡᠰ ᠰᠠᠶᠢᠨ ᠪᠠᠶᠢᠳᠠᠯ ᠢᠶᠠᠨ ᠪᠠᠲᠤᠯᠠᠪᠠ᠃ ᠪᠦᠬᠦ ᠬᠤᠰᠢᠭᠤᠨ ᠤ ᠢᠳᠡᠰᠢᠨ ᠨᠣᠭᠤᠭ᠎ᠠ ᠶᠢᠨ ᠭᠠᠷᠤᠯᠲᠠ 314 . 25 ᠲᠣᠨ᠂ ᠠᠳᠠᠯᠢ | ᠬᠤᠭᠤᠴᠠᠭᠠᠨ ᠤ ᠬᠢ ᠠᠴᠠ 145 . 5 % ᠪᠠᠷ ᠨᠡᠮᠡᠭᠳᠡᠪᠡ︔ ᠭᠤᠸ᠎ᠠ ᠵᠢᠮᠢᠰ ᠤᠨ ᠲᠥᠷᠥᠯ ᠤᠨ ᠭᠠᠷᠤᠯᠲᠠ 119 . 5 ᠲᠣᠨ ᠬᠦᠷᠴᠦ᠂ ᠠᠳᠠᠯᠢ | ᠬᠤᠭᠤᠴᠠᠭᠠᠨ ᠤ ᠬᠢ ᠠᠴᠠ 268 . 8 % ᠪᠠᠷ ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠬᠦᠴᠦᠨ ᠮᠡᠬᠦᠰᠳᠡᠵᠦ ᠪᠠᠶᠢᠨ᠎ᠠ | ᠲᠦᠷᠦᠭᠦᠦ ᠬᠠᠭᠠᠰ ᠵᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 1 . 1 % ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠭᠦᠨ ᠤ ᠥᠷᠲᠡᠭ 9 . | 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 6 % ᠪᠠᠷ ᠪᠠᠭᠤᠷᠠᠪᠠ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ | ᠦᠢᠯᠡᠳᠬᠦ ᠦᠢᠯᠡᠰ ᠤᠨ ᠦᠢᠯᠡᠳᠭᠦᠨ ᠤ ᠥᠷᠲᠡᠭ 1 . 3 ᠳ᠋ᠦᠩᠰᠢᠭᠤᠷ ᠲᠥᠭᠦᠷᠢᠭ ᠲᠤ ᠬᠦᠷᠴᠦ᠂ 11 . 6 % ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 13 . 6 % ᠪᠠᠷ ᠨᠡᠮᠡᠭᠳᠡᠪᠡ︔ ᠠᠭᠤᠷᠬᠠᠶ ᠮᠠᠯᠲᠠᠬᠤ ᠦᠢᠯᠡᠰ ᠤᠨ ᠦᠢᠯᠡᠳᠭᠦᠨ ᠤ ᠥᠷᠲᠡᠭ 0 . 8 ᠳ᠋ᠦᠩᠰᠢᠭᠤᠷ | ᠲᠥᠭᠦᠷᠢᠭ ᠲᠤ ᠬᠦᠷᠴᠦ᠂ ᠡᠵᠡᠯᠡᠬᠦ ᠬᠠᠷᠢᠴᠠᠯ ᠨᠢ 7 . 3 % ᠪᠠᠶᠢᠵᠤ᠂ ᠠᠳᠠᠯᠢ ᠬᠤᠭᠤᠴᠠᠭᠠᠨ ᠤ ᠬᠢ ᠠᠴᠠ 206 . 5 % ᠪᠠᠷ ᠨᠡᠮᠡᠭᠳᠡᠪᠡ︔ ᠴᠠᠬᠢᠯᠭᠠᠨ | ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠦᠢᠯᠡᠳᠭᠦᠨ ᠤ ᠥᠷᠲᠡᠭ 9 . 3 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠯᠡᠬᠦ ᠬᠠᠷᠢᠴᠠᠯ ᠨᠢ | 81 . 1 % ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14 . 1 % ᠪᠠᠷ ᠪᠠᠭᠤᠷᠠᠪᠠ᠃ | ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ | ᠲᠦᠷᠦᠭᠦᠦ ᠬᠠᠭᠠᠰ ᠵᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ | ᠠᠳᠠᠯᠢ ᠬᠤᠭᠤᠴᠠᠭᠠᠨ ᠤ ᠬᠢ ᠠᠴᠠ 26 . 1 % ᠪᠠᠷ ᠨᠡᠮᠡᠭᠳᠡᠪᠡ᠃ ᠡᠭᠦᠨ ᠳᠤ᠂ ᠲᠥᠷᠥᠯ ᠵᠦᠢᠯ ᠤᠨ ᠪᠠᠯᠠ ᠣᠷᠣᠭᠤᠯᠤᠯᠲᠠ 39 . 9 % ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 3 . 7 % ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 68 . 7 % ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 37 . 6 % ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 46 . 9 % ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 58 . 7 % ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 40 . 5 % ᠪᠠᠷ ᠨᠡᠮᠡᠭᠳᠡᠪᠡ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ 41 ᠪᠠᠷᠢᠯᠭ᠎ᠠ ᠶᠢᠨ ᠲᠥᠷᠥᠯ ᠵᠦᠢᠯ | ᠪᠠᠶᠢᠨ᠎ᠠ᠃ | ᠳᠥᠷᠪᠡ᠂ ᠵᠠᠬ᠎ᠠ ᠳᠡᠯᠭᠡᠭᠦᠷ ᠤᠨ ᠬᠡᠷᠡᠭᠯᠡᠭᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ | ᠲᠦᠷᠦᠭᠦᠦ ᠬᠠᠭᠠᠰ ᠵᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 9 . 2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 7 % ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ | ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6 . 3 ᠳ᠋ᠦᠩᠰᠢᠭᠤᠷ ᠲᠥᠭᠦᠷᠢᠭ ᠪᠠᠶᠢᠵᠤ᠂ 1 . 5 % ᠪᠠᠷ | ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 2 . 9 ᠳ᠋ᠦᠩᠰᠢᠭᠤᠷ ᠲᠥᠭᠦᠷᠢᠭ ᠲᠤ ᠬᠦᠷᠴᠦ᠂ 2 . 2 | % ᠢᠶᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ ᠶᠢ 8 . 3 ᠳ᠋ᠦᠩᠰᠢᠭᠤᠷ ᠲᠥᠭᠦᠷᠢᠭ ᠲᠤ | ᠬᠦᠷᠭᠡᠵᠦ᠂ 1 . 3 % ᠪᠠᠷ ᠨᠡᠮᠡᠭᠳᠡᠭᠦᠯᠦᠨ᠎ᠡ︔ ᠢᠳᠡᠭᠡᠨ ᠤᠮᠳᠠᠭᠠᠨ ᠤ ᠣᠷᠣᠯᠭ᠎ᠠ 0 . 9 ᠳ᠋ᠦᠩᠰᠢᠭᠤᠷ ᠲᠥᠭᠦᠷᠢᠭ ᠲᠤ ᠬᠦᠷᠴᠦ᠂ 0 . 7 % ᠪᠠᠷ | ᠨᠡᠮᠡᠭᠳᠡᠪᠡ᠃ | ᠲᠠᠪᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠵᠡᠷᠭᠡᠪᠡᠷ ᠪᠠᠭᠤᠷᠠᠭᠤᠯᠤᠨ᠎ᠠ | ᠲᠦᠷᠦᠭᠦᠦ ᠬᠠᠭᠠᠰ ᠵᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2 . 7 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7 . 8 % ᠪᠠᠷ ᠪᠠᠭᠤᠷᠠᠪᠠ᠃ ᠡᠭᠦᠨ ᠳᠤ᠂ ᠭᠠᠶᠢᠯᠢ ᠶᠢᠨ ᠣᠷᠣᠯᠭ᠎ᠠ 0 . 9 ᠳ᠋ᠦᠩᠰᠢᠭᠤᠷ ᠲᠥᠭᠦᠷᠢᠭ ᠲᠤ | ᠬᠦᠷᠴᠦ᠂ 21 . 5 % ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 32 . 3 % ᠶᠢ ᠡᠵᠡᠯᠡᠪᠡ︔ ᠭᠠᠶᠢᠯᠢ ᠶᠢᠨ ᠪᠤᠰᠤ | ᠣᠷᠣᠯᠭ᠎ᠠ 1 . 8 ᠳ᠋ᠦᠩᠰᠢᠭᠤᠷ ᠲᠥᠭᠦᠷᠢᠭ ᠲᠤ ᠬᠦᠷᠴᠦ᠂ 0 . 6 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 67 . | 7 % ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 14 . 5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13 . 6 % ᠪᠠᠷ ᠪᠠᠭᠤᠷᠠᠪᠠ᠃ | ᠵᠢᠷᠭᠤᠭ᠎ᠠ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠬᠡᠪᠴᠢᠶ᠎ᠡ ᠲᠠᠰᠤᠷᠠᠯᠲᠠ ᠤᠢᠭᠡᠢ ᠥᠷᠭᠡᠵᠢᠪᠡ | 6 ᠳ᠋ᠤᠭᠠᠷ ᠰᠠᠷ᠎ᠠ ᠶᠢᠨ ᠰᠡᠭᠦᠯᠴᠢ ᠪᠠᠷ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ | ᠬᠠᠳᠠᠭᠠᠯᠠᠮᠵᠢ ᠶᠢᠨ ᠦᠯᠡᠳᠡᠪᠦᠷᠢ 104 . 6 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7 . 1 % ᠪᠠᠷ ᠨᠡᠮᠡᠭᠳᠡᠪᠡ᠃ ᠡᠭᠦᠨ ᠳᠤ᠂ | ᠰᠠᠭᠤᠭᠠᠯᠢ ᠡᠷᠦᠬᠡ ᠶᠢᠨ ᠬᠠᠳᠠᠭᠠᠯᠠᠮᠵᠢ 89 . 8 ᠳ᠋ᠦᠩᠰᠢᠭᠤᠷ ᠲᠥᠭᠦᠷᠢᠭ ᠲᠤ ᠬᠦᠷᠴᠦ᠂ 9 . 3 % ᠪᠠᠷ ᠨᠡᠮᠡᠭᠳᠡᠪᠡ᠃ ᠡᠯ᠎ᠡ ᠵᠦᠢᠯ ᠤᠨ ᠵᠢᠭᠡᠯᠡᠯᠭᠡ ᠶᠢᠨ | ᠦᠯᠡᠳᠡᠪᠦᠷᠢ 118 . 3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 . 2 % ᠢᠶᠠᠷ ᠨᠡᠮᠡᠭᠳᠡᠪᠡ᠃ ᠡᠭᠦᠨ ᠳᠤ᠂ ᠰᠠᠭᠤᠭᠠᠯᠢ | ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 87 . 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17 . 8 % ᠪᠠᠷ | ᠨᠡᠮᠡᠭᠳᠡᠪᠡ᠃ | ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ | ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13610 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 4 % ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17384 ᠲᠥᠭᠦᠷᠢᠭ ᠲᠤ ᠬᠦᠷᠴᠦ᠂ 5 . 2 % ᠢᠶᠠᠷ | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 7546 | ᠲᠥᠭᠦᠷᠢᠭ ᠲᠤ ᠬᠦᠷᠴᠦ᠂ 7 . 7 % ᠪᠠᠷ ᠨᠡᠮᠡᠭᠳᠡᠪᠡ᠃ |