| | | ᠮᠠᠨ ᠤ ᠣᠷᠣᠨ ᠤ ︽ ᠬᠤᠣᠰ ᠲᠡᠷᠢᠭᠦᠨ ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠨᠢᠭᠡ ᠳᠤ | ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠪᠠᠨ ᠡᠳᠦᠷ ᠢᠷᠡᠬᠦᠶ᠎ᠡ ᠰᠢᠯᠢᠳᠡᠭᠵᠢᠭᠦᠯᠪᠡ ᠃ ᠣᠳᠣᠬᠠᠨ ᠪᠣᠯᠲᠠᠯ᠎ᠠ᠂ ᠪᠥᠬᠦ ᠣᠷᠣᠨ ᠳᠤ | ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ 59 ᠪᠠᠶᠢᠵᠤ᠂ ᠳᠡᠭᠡᠷ᠎ᠡ ᠨᠢᠭᠡ ᠡᠭᠡᠯᠵᠢᠨ ᠤ ᠨᠡᠮᠡᠭᠳᠡᠯ ᠤᠨ ᠬᠡᠮᠵᠢᠶ᠎ᠡ ᠠᠴᠠ 25.5% ᠪᠠᠷ ᠨᠡᠮᠡᠭᠳᠡᠪᠡ︔ 6 | ᠲᠤᠰᠬᠠᠢ ᠮᠡᠷᠭᠡᠵᠢᠯ ᠳᠤ ᠬᠤᠯᠪᠤᠭᠳᠠᠬᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ ᠰᠢᠨ᠎ᠡ ᠪᠠᠷ ᠨᠡᠮᠡᠭᠳᠡᠵᠦ ᠂ ︽ᠬᠤᠭᠤᠰᠣᠨ︾ ᠪᠠᠶᠢᠭᠰᠠᠨ ᠲᠡᠦᠬᠡ ᠶᠢ | ᠡᠴᠦᠰᠯᠡᠭᠦᠯᠪᠡ ᠃ ᠪᠠᠶᠢᠭᠠᠯᠢ ᠶᠢᠨ ᠰᠢᠨᠵᠢᠯᠡᠬᠦ ᠤᠬᠠᠭᠠᠨ ᠂ ᠠᠵᠤ ᠦᠢᠯᠡᠳᠪᠦᠷᠢ ᠶᠢᠨ ᠤᠬᠠᠭᠠᠨ᠂ ᠲᠠᠷᠢᠶᠠᠯᠠᠩ ᠤᠨ ᠤᠬᠠᠭᠠᠨ᠂ ᠠᠨᠠᠭᠠᠬᠤ ᠤᠬᠠᠭᠠᠨ ᠤ ᠲᠥᠷᠥᠯ | ᠵᠡᠷᠭᠡ ᠶᠢ ᠪᠠᠭᠲᠠᠭᠠᠭᠰᠠᠨ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ 40 ᠪᠠᠶᠢᠵᠤ᠂ ᠪᠥᠬᠦ ᠣᠷᠣᠨ ᠤ | ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠮᠡᠷᠭᠡᠵᠢᠯ ︵50︶ ᠤᠨ 80% ᠬᠤᠪᠢ ᠶᠢᠨ ᠬᠠᠷᠢᠴᠠᠯ ᠢ ᠡᠵᠡᠯᠡᠨ᠎ᠡ ᠂ ᠡᠷᠳᠡᠮ | ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠶᠢᠨ ᠵᠣᠬᠢᠴᠠᠯᠳᠤᠬᠤ | ᠬᠡᠮᠵᠢᠶ᠎ᠡ ᠨᠢ ᠤᠯᠠᠮ ᠨᠢᠭᠡ ᠠᠯᠬᠤᠮ ᠳᠡᠭᠡᠭᠰᠢᠯᠡᠪᠡ ᠃ ᠬᠤᠶᠠᠷ ᠲᠤ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠪᠡ᠃ ᠪᠦᠬᠦ | ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠪᠦᠬᠦᠯᠢ ᠡᠳᠦᠷ ᠤᠨ ᠳᠦᠷᠢᠮᠲᠦ ᠰᠣᠳᠣᠯᠣᠨ ᠰᠤᠷᠤᠭᠴᠢ 3.47 ᠲᠦᠮᠡ ᠳᠤ ᠬᠦᠷᠴᠦ᠂ 2016 | ᠣᠨ ᠤ ᠬᠢ ᠠᠴᠠ 87.6% ᠪᠠᠷ ᠨᠡᠮᠡᠭᠳᠡᠪᠡ︔ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠭᠤᠷᠢᠯᠠᠬᠤ ᠠᠰᠫᠢᠷᠠᠨᠲ ᠤᠨ ᠲᠤᠭ᠎ᠠ 2.4 ᠲᠦᠮᠡᠨ ᠬᠦᠮᠦᠨ | ᠪᠠᠶᠢᠵᠤ ᠂ ᠰᠤᠷᠤᠯᠴᠠᠵᠤ ᠪᠠᠶᠢᠭ᠎ᠠ ᠠᠰᠫᠢᠷᠠᠨᠲ ᠤᠨ ᠡᠵᠡᠯᠡᠬᠦ ᠬᠠᠷᠢᠴᠠᠯ ᠤᠨ 59.8% ᠳᠤ ᠬᠦᠷᠴᠦ᠂ 2016 ᠣᠨ ᠤ ᠬᠢ ᠠᠴᠠ 15.2 ᠵᠠᠭᠤᠨ ᠤ ᠴᠡᠭ ᠢᠶᠠᠷ | ᠳᠡᠭᠡᠭᠰᠢᠯᠡᠵᠦ᠂ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠪᠠ ᠪᠦᠲᠦᠴᠡ ᠦᠷᠭᠦᠯᠵᠢᠯᠡᠨ ᠰᠢᠯᠢᠳᠡᠭᠵᠢᠪᠡ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠪᠠᠨ ᠠᠯᠬᠤᠮ ᠠᠯᠬᠤᠮ ᠢᠶᠠᠷ ᠴᠢᠩᠭᠠᠷᠠᠭᠤᠯᠪᠠ ᠃ 2021 ᠠᠴᠠ | 2023 ᠣᠨ ᠪᠣᠯᠲᠠᠯ᠎ᠠ ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 1146 ᠰᠢᠨ᠎ᠡ ᠪᠠᠷ ᠨᠡᠮᠡᠭᠳᠡᠵᠦ ᠂ 5.79 | ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠪᠠ ︔ ᠮᠤᠵᠢ ᠶᠢᠨ ᠲᠠᠰ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 5121 ᠰᠢᠨ᠎ᠡ ᠪᠠᠷ ᠨᠡᠮᠡᠭᠳᠡᠵᠦ ᠂ 10.56 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠵᠤ ᠂ ᠲᠤᠰᠬᠠᠶ ᠠᠰᠢᠭ ᠢ ᠰᠢᠯᠵᠢᠭᠦᠯᠦᠨ ᠥᠭᠭᠦᠭᠰᠡᠨ ᠵᠢᠴᠢ ᠵᠥᠪᠰᠢᠶᠡᠷᠡᠭᠳᠡᠭᠰᠡᠨ ᠭᠡᠷ᠎ᠡ ᠶᠢᠨ ᠲᠤᠭ᠎ᠠ | ᠨᠡᠶᠢᠲᠡ 80 ᠪᠠᠶᠢᠵᠤ ᠂ ᠲᠤᠰᠬᠠᠶ ᠠᠰᠢᠭ ᠢᠶᠠᠨ ᠬᠤᠪᠢᠷᠠᠭᠤᠯᠤᠭᠠᠳ ᠨᠡᠶᠢᠲᠡ 1177 ᠲᠦᠮᠡᠨ ᠲᠥᠭᠦᠷᠢᠭ ᠬᠦᠷᠲᠡᠪᠡ ᠃ ︵ᠰᠤᠷᠭᠠᠨ ᠬᠥᠮᠦᠵᠢᠯ ᠤᠨ ᠲᠢᠩᠬᠢᠮ︶ | |