ᠦᠪᠦᠷ ᠮᠤᠩᠭᠤᠯ ᠤᠨ ᠨᠢᠭᠡᠨ ᠭᠠᠵᠠᠷ ᠠᠴᠠ ᠮᠠᠯᠠᠶᠢᠰᠢᠶ᠎ᠠ ᠳᠤ ᠨᠢᠰᠬᠡᠯ ᠰᠢᠭᠤᠳ ᠨᠡᠪᠲᠡᠷᠡᠬᠦ ᠪᠣᠯᠣᠨ᠎ᠠ︕
ᠨᠡᠶᠢᠲᠡᠯᠡᠭᠰᠡᠨ ᠴᠠᠭ᠄
2024/8/29
       ᠦᠪᠦᠷ ᠮᠤᠩᠭᠤᠯ ᠤᠨ ᠨᠢᠭᠡᠨ ᠭᠠᠵᠠᠷ ᠠᠴᠠ ᠮᠠᠯᠠᠶᠢᠰᠢᠶ᠎ᠠ ᠳᠤ ᠰᠢᠭᠤᠳ ᠨᠢᠰᠴᠦ ᠪᠤᠯᠤᠨ᠎ᠠ︕ 8 ᠳ᠋ᠤᠭᠠᠷ ᠰᠠᠷ᠎ᠠ ᠶᠢᠨ 29᠎ ᠤ ᠡᠳᠦᠷ ᠠᠴᠠ ᠡᠬᠢᠯᠡᠨ᠂ ᠣᠷᠳᠣᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠨᠢ ᠮᠠᠯᠠᠶᠢᠰᠢᠶ᠎ᠠ ᠶᠢᠨ ᠺᠦᠸᠠᠯᠠ ᠯᠦᠮᠫᠦ᠋ᠷ ᠣᠯᠠᠨ ᠤᠯᠤᠰ ᠤᠨ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠲᠥᠯᠥᠪᠯᠡᠪᠡ᠂ ᠲᠣᠰ ᠠᠭᠠᠷ ᠠᠶᠠᠯᠠᠯ ᠤᠨ ᠱᠤᠭᠤᠮ ᠳᠤ ᠮᠠᠯᠠᠶᠢᠰᠢᠶ᠎ᠠ ᠢᠨᠳᠤᠨᠧᠰᠢᠶ᠎ᠠ ᠶᠢᠨ ᠠᠭᠠᠷ ᠠᠶᠠᠯᠠᠯ ᠤᠨ A330 ᠬᠡᠯᠪᠡᠷᠢ ᠶᠢᠨ ᠠᠶᠠᠨᠴᠢᠳ ᠤᠨ ᠨᠢᠰᠬᠡᠯ ᠨᠢ ᠭᠠᠷᠠᠭ ᠪᠦᠷᠢ ᠨᠢᠭᠡ ᠡᠭᠡᠯᠵᠢ ᠨᠢᠰᠬᠦ ᠪᠣᠯᠣᠨ᠎ᠠ᠃ ᠠᠶᠠᠨᠴᠢᠳ ᠴᠢᠦᠢ ᠨᠠ ᠡᠯ᠂ ᠰᠢᠶᠧ ᠴᠧᠩ ᠵᠡᠷᠭᠡ ᠲᠠᠪᠴᠠᠩ ᠠᠴᠠ ᠪᠢᠯᠧᠲ ᠠᠪᠬᠤ ᠲᠤᠬᠠᠢ ᠠᠰᠠᠭᠤᠨ ᠯᠠᠪᠯᠠᠵᠤ ᠪᠣᠯᠤᠨ᠎ᠠ᠃
6386045782444872173253100.jpg
ᠬᠦᠰᠦᠨᠦᠭᠲᠦ ᠳᠠᠬᠢ ᠴᠠᠭ ᠨᠢ ᠲᠤᠬᠠᠢ ᠶᠢᠨ ᠭᠠᠵᠠᠷ ᠤᠨ ᠴᠠᠭ  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ