ᠪᠠᠭᠠᠷᠢᠨ ᠪᠠᠷᠠᠭᠤᠨ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/9/16
ᠨᠢᠭᠡ᠂ ᠭᠤᠣᠯ ᠡᠭᠦᠷᠭᠡ ᠬᠠᠷᠢᠭᠤᠴᠠᠯᠭ᠎ᠠ        1 . ᠬᠢᠨᠠᠨ ᠪᠤᠳᠤᠯᠲᠠ ᠶᠢᠨ ᠬᠦᠷᠢᠶ᠎ᠡ ᠴᠠᠷᠠᠭᠠᠨ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠨᠠᠨ ᠪᠤᠳᠤᠯᠲᠠ ᠶᠢᠨ ᠠᠵᠢᠯ ᠤᠨ ᠲᠥᠯᠥᠪᠵᠢᠭᠦᠯᠭᠡ᠂ ᠴᠢᠬᠤᠯᠠ ᠬᠢᠨᠠᠨ ᠪᠤᠳᠤᠯᠲᠠ ᠶᠢᠨ ᠵᠦᠢᠯᠡᠰ ᠢ ᠵᠣᠬᠢᠶᠠᠨ ᠪᠠᠶᠢᠭᠤᠯᠤᠨ ᠰᠤᠳᠤᠯᠵᠤ᠂ ᠣᠨ ᠤ ᠬᠢᠨᠠᠨ ᠪᠤᠳᠤᠯᠲᠠ ᠶᠢᠨ ᠲᠥᠷᠥᠯ ᠵᠦᠢᠯ ᠤᠨ ᠲᠥᠯᠥᠪᠯᠡᠭᠡ ᠶᠢ ᠳᠤᠷᠠᠳᠴᠤ᠂ ᠬᠢᠨᠠᠨ ᠪᠤᠳᠤᠯᠲᠠ ᠶᠢᠨ ᠬᠠᠮᠵᠢᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠬᠠᠮᠢᠶ᠎ᠠ ᠪᠥᠬᠦᠶ  ᠵᠦᠢᠯᠡᠰ ᠢ ᠳᠤᠷᠠᠳᠤᠨ᠎ᠠ᠃        2 . ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠂ ᠣᠯᠠᠨ ᠨᠡᠶᠢᠲᠡ ᠶᠢᠨ ᠪᠠᠯᠠ ᠮᠥᠩᠭᠦ᠄ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠬᠦ ᠶᠢ ᠨᠡᠶᠢᠳᠡᠮ ᠬᠡᠷᠡᠭᠵᠢᠭᠦᠯᠵᠦ᠂ ᠤᠳᠤᠷᠢᠳᠬᠤ ᠺᠠᠳ᠋ᠷ ᠲᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠰᠠᠯᠬᠤ ᠳᠤ ᠬᠢᠨᠠᠨ ᠪᠤᠳᠤᠯᠲᠠ ᠬᠢᠬᠦ ᠶᠢ ᠬᠡᠷᠡᠭᠵᠢᠭᠦᠯᠦᠨ᠎ᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠯᠲᠠ ᠬᠢᠨ᠎ᠠ᠃ ᠬᠢᠨᠠᠨ ᠪᠣᠳᠣᠬᠤ᠂ ᠲᠤᠰᠬᠠᠶ ᠵᠦᠢᠯ ᠢᠶᠠᠷ ᠬᠢᠨᠠᠨ ᠪᠣᠳᠣᠵᠤ ᠪᠠᠶᠢᠴᠠᠭᠠᠯᠲᠠ ᠬᠢᠭᠰᠡᠨ ᠪᠠ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠬᠦᠷᠬᠡᠯᠡᠨ᠎ᠠ᠃       3 . ᠬᠢᠨᠠᠨ ᠪᠤᠳᠤᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠵᠦᠭᠯᠡᠭᠦᠷ ᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠤᠰᠬᠠᠢ ᠮᠡᠷᠭᠡᠵᠢᠯ ᠤᠨ ᠬᠦᠷᠢᠶᠡᠨ ᠤ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠭᠤᠳ ᠬᠢᠨᠠᠨ ᠪᠣᠳᠣᠬᠤ᠂ ᠪᠠᠶᠢᠴᠠᠭᠠᠬᠤ ᠪᠠ ᠬᠢᠨᠠᠨ ᠪᠠᠶᠢᠴᠠᠭᠠᠬᠤ ᠵᠦᠢᠯ ᠢ ᠬᠠᠤᠯᠢ ᠶᠣᠰᠣᠭᠠᠷ ᠬᠢᠨᠠᠨ ᠪᠣᠳᠣᠵᠤ ᠦᠨᠡᠯᠡᠨ᠂ ᠬᠢᠨᠠᠨ ᠪᠣᠳᠣᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠣᠳᠣᠭᠰᠠᠨ ᠰᠠᠨᠠᠭᠤᠯᠭ᠎ᠠ ᠳᠤᠷᠠᠳᠤᠨ᠎ᠠ᠃        4 . ᠬᠤᠰᠢᠭᠤᠨ ᠤ ᠨᠠᠮ ᠤᠨ  ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠬᠤᠰᠢᠭᠤᠨ ᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠮᠡᠳᠡᠭᠦᠯᠦᠯᠲᠡ ᠳᠤᠷᠠᠳᠤᠨ᠎ᠠ᠃ ᠬᠤᠰᠢᠭᠤᠨ ᠳᠠᠷᠤᠭ᠎ᠠ ᠳᠤ ᠣᠨ ᠤ ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠰᠢᠭᠤᠨ ᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ  ᠲᠤᠷᠠᠳᠤᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠵᠦᠢᠯ ᠤᠨ ᠬᠢᠨᠠᠨ ᠪᠤᠳᠤᠯᠲᠠ ᠪᠠ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠭᠰᠠᠨ ᠦᠷ᠎ᠡ ᠳ᠋ᠦᠩ ᠢᠶᠠᠨ ᠬᠠᠤᠯᠢ ᠶᠣᠰᠣᠭᠠᠷ ᠨᠡᠶᠢᠭᠡᠮ ᠳᠤ ᠨᠡᠶᠢᠳᠡᠯᠡᠨ᠎ᠠ᠃ ᠬᠤᠰᠢᠭᠤ ᠨᠠᠮ ᠤᠨ ᠬᠤᠷᠢᠶ᠎ᠠ ᠪᠠ ᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ︵ᠠᠵᠢᠯᠯᠠᠬᠤ ᠬᠤᠷᠢᠶ᠎ᠠ︶᠎ ᠳᠤ ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠳᠡᠨ᠎ᠡ᠃       5 . ᠳᠤᠤᠷᠠᠬᠢ ᠵᠦᠢᠯᠡᠰ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠭᠰᠠᠨ ᠮᠡᠳᠡᠭᠦᠯᠦᠯᠲᠡ ᠭᠠᠷᠭᠠᠨ ᠥᠭᠴᠦ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠢᠨᠠᠨ ᠪᠤᠳᠤᠭᠰᠠᠨ ᠲᠣᠭᠲᠠᠭᠠᠯ ᠭᠠᠷᠭᠠᠨ᠎ᠠ᠄ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠬᠤᠰᠢᠭᠤᠨ ᠤ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠰᠢᠭᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠰᠢᠭᠤᠨ ᠤ ᠨᠠᠮ ᠤᠨ ᠬᠤᠷᠢᠶ᠎ᠠ ᠪᠠ  ᠬᠤᠰᠢᠭᠤᠨ ᠤ ᠵᠠᠰᠠᠭ  ᠤᠨ ᠣᠷᠳᠣᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠪᠠᠭᠲᠠᠨ᠎ᠠ︶᠎ ᠤᠨ ᠲᠥᠰᠦᠪ ᠢ ᠭᠦᠢᠴᠡᠳᠬᠡᠭᠰᠡᠨ  ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ  ᠤᠨ ᠣᠷᠣᠯᠭ᠎ᠠ ᠵᠠᠷᠤᠯᠭ᠎ᠠ ᠶᠢᠨ ᠪᠠᠢᠳᠠᠯ᠄ ᠰᠤᠮᠤ ᠪᠠᠯᠭᠠᠰᠤᠨ ᠤ ᠵᠠᠰᠠᠭ  ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ  ᠤᠨ ᠣᠷᠣᠯᠭ᠎ᠠ ᠵᠠᠷᠤᠯᠭ᠎ᠠ ᠶᠢᠨ ᠪᠠᠢᠳᠠᠯ᠂ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠬᠠᠮᠢᠶᠠᠷᠴᠤ ᠬᠡᠷᠡᠭᠯᠡᠭᠰᠡᠨ ᠪᠠᠢᠳᠠᠯ︔ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ︔ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠠ ᠬᠤᠰᠢᠭᠤ ᠲᠣᠰ ᠱᠠᠲᠤᠨ ᠤ ᠪᠠᠯᠠ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠠ ᠬᠤᠰᠢᠭᠤ ᠲᠣᠰ ᠱᠠᠲᠤᠨ ᠤ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ ᠲᠥᠪ ᠤᠨ ᠪᠣᠳᠣᠯᠭ᠎ᠠ᠂ ᠬᠤᠰᠢᠭᠤ ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠭᠰᠡᠨ ᠪᠠᠶᠢᠳᠠᠯ︔ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ ᠡᠵᠡᠮᠳᠡᠭᠰᠡᠨ ᠪᠤᠶᠤ ᠭᠤᠤᠯᠯᠠᠬᠤ ᠪᠠᠶᠢᠷᠢ ᠰᠠᠭᠤᠷᠢ ᠶᠢ ᠡᠵᠡᠯᠡᠭᠰᠡᠨ ᠠᠵᠤ ᠠᠬᠤᠶᠢᠯᠠᠯ ᠪᠠ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠬᠥᠷᠥᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠶᠢᠨ ᠪᠠᠶᠢᠳᠠᠯ︔ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠡ ᠮᠥᠩᠭᠦ ᠪᠣᠯᠤᠨ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ︔ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯᠡᠰ︔ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ  ᠵᠦᠢᠯᠡᠰ᠃       6 . ᠲᠣᠭᠲᠠᠭᠠᠯ ᠶᠣᠰᠣᠭᠠᠷ ᠰᠠᠯᠠᠭ᠎ᠠ ᠶᠢᠨ ᠱᠠᠲᠤᠨ ᠤ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ᠂ ᠲᠤᠰᠢᠶᠠᠯ ᠤᠨ ᠳᠤᠮᠳᠠᠬᠢ ᠬᠢᠨᠠᠨ ᠪᠤᠳᠤᠯᠲᠠ ᠬᠢᠨ᠎ᠠ᠃        7 . ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠠᠢ ᠬᠤᠯᠪᠣᠭᠳᠠᠬᠤ ᠣᠨᠴᠣᠭᠤᠶ ᠲᠣᠭᠲᠠᠭᠠᠭᠰᠠᠨ ᠵᠦᠢᠯ ᠳᠤ ᠲᠤᠰᠬᠠᠶ  ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        8 . ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠢᠬᠦ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ ᠲᠥᠪ ᠤᠨ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ  ᠭᠦᠢᠴᠡᠳᠬᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠬᠡᠷᠡᠭ ᠢ ᠪᠠᠶᠢᠴᠠᠭᠠᠨ  ᠰᠢᠢᠳᠪᠦᠷᠢᠯᠡᠨ᠎ᠡ᠃        9 . ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠬᠠᠤᠯᠢ ᠶᠣᠰᠣᠭᠠᠷ ᠬᠢᠨᠠᠨ ᠪᠤᠳᠤᠬᠤ ᠳᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠢᠵᠦ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃        10 .ᠳᠡᠭᠡᠳᠦ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠤᠳᠤᠷᠢᠳᠤᠯᠭ᠎ᠠ ᠳᠣᠣᠷ᠎ᠠ᠂ ᠣᠨᠴᠠ ᠲᠣᠭᠲᠠᠭᠰᠠᠨ ᠲᠥᠷᠥᠯ ᠵᠦᠢᠯ ᠤᠨ ᠲᠤᠰᠬᠠᠶ ᠬᠢᠨᠠᠨ ᠪᠣᠳᠣᠬᠤ ᠪᠠ ᠬᠢᠨᠠᠨ ᠪᠣᠳᠣᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        11 . ᠬᠢᠨᠠᠨ ᠪᠣᠳᠣᠯᠲᠠ ᠶᠢᠨ ᠬᠦᠷᠢᠶᠡᠨ ᠳᠠᠬᠢ ᠣᠯᠠᠨ ᠤᠯᠤᠰ ᠠᠴᠠ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠠᠭ ᠵᠠᠩᠭᠢ ᠶᠢᠨ ᠮᠡᠷᠭᠡᠵᠢᠯ ᠤᠨ ᠪᠦᠬᠦ ᠬᠤᠰᠢᠭᠤᠨ ᠤ ᠬᠢᠨᠠᠨ ᠪᠣᠳᠣᠯᠲᠠ ᠶᠢᠨ ᠬᠦᠷᠢᠶᠡᠨ ᠳᠠᠬᠢ ᠬᠡᠷᠡᠭᠯᠡᠯᠲᠡ ᠶᠢ ᠵᠢᠯᠣᠭᠤᠳᠤᠨ ᠳᠡᠯᠭᠡᠷᠡᠭᠦᠯᠦᠨ᠎ᠡ᠃        12 .  ᠬᠤᠰᠢᠭᠤᠨ ᠤ ᠨᠠᠮ ᠤᠨ  ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃        13 . ᠲᠤᠰ ᠠᠵᠢᠯ ᠲᠥᠷᠥᠯ᠂ ᠲᠤᠰ ᠰᠠᠯᠠᠭ᠎ᠠ ᠮᠥᠴᠢᠷ ᠤᠨ ᠠᠶᠣᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃        14 .  ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        15 . ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠠᠬᠢᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠶᠢᠨ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠶ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠤᠳᠤᠬᠤ ᠶᠢ ᠴᠢᠩᠭᠠᠳᠬᠠᠬᠤ ᠶᠢ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠳᠣᠲᠣᠭᠠᠳᠤ ᠶᠢᠨ ᠬᠢᠨᠠᠨ ᠪᠤᠳᠤᠯᠲᠠ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ          1 . ᠠᠯᠪᠠᠨ ᠬᠡᠷ          2 . ᠲᠠᠷᠢᠶᠠᠯᠠᠩ ᠮᠠᠯ ᠠᠵᠤ ᠠᠬᠤᠶ ᠶᠢᠨ ᠬᠢᠨᠠᠨ ᠪᠤᠳᠤᠬᠤ ᠲᠠᠰᠤᠭ           3 . ᠵᠠᠰᠠᠭ ᠵᠠᠬᠢᠷᠭᠠᠨ ᠤ ᠠᠵᠢᠯ ᠦᠢᠯᠡᠰ ᠤᠨ ᠬᠢᠨᠠᠨ ᠪᠤᠳᠤᠯᠲᠠ ᠶᠢᠨ ᠲᠠᠰᠤᠭ          4 . ᠬᠠᠤᠯᠢ ᠲᠦᠷᠢᠮ ᠤᠨ ᠲᠠᠰᠤᠭ          5 . ᠨᠡᠶᠢᠭᠡᠮ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠤᠳᠤᠬᠤ ᠲᠠᠰᠤᠭ᠃          6 . ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠪᠤᠳᠤᠬᠤ ᠲᠠᠰᠤᠭ᠃          7.  ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠠᠰᠤᠭ᠃         8.  ᠡᠳ᠋ ᠤᠨ ᠵᠠᠰᠠᠭ ᠮᠥᠩᠭᠦᠨ ᠭᠦᠢᠯᠭᠡᠭᠡᠨ ᠤ ᠭᠠᠳᠠᠭᠠᠳᠤ ᠳᠤ ᠬᠤᠯᠪᠣᠭᠳᠠᠬᠤ ᠬᠢᠨᠠᠨ ᠪᠤᠳᠤᠬᠤ ᠲᠠᠰᠤᠭ᠃          9 . ᠠᠵᠤ ᠠᠬᠤᠶᠢᠯᠠᠯ ᠪᠣᠯᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠨᠠᠨ ᠪᠤᠳᠤᠬᠤ ᠲᠠᠰᠤᠭ᠃          10.  ᠬᠢᠨᠠᠨ ᠪᠤᠳᠤᠬᠤ ᠠᠵᠢᠯ ᠤᠨ ᠲᠥᠪ ᠭᠤᠷᠪᠠ᠂ ᠬᠠᠷᠢᠯᠴᠠᠬᠤ ᠠᠷᠭ᠎ᠠ ᠮᠠᠶ᠋ᠢᠭ         ᠠᠵᠢᠯᠯᠠᠬᠤ ᠭᠠᠵᠠᠷ᠄ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠰᠤᠪᠤᠷᠭ᠎ᠠ ᠵᠡᠭᠡᠯᠢ ᠶᠢᠨ ᠳᠤᠮᠳᠠ ᠬᠡᠰᠡᠭ ᠤᠨ ᠪᠠᠭᠠᠷᠢᠨ ᠪᠠᠷᠠᠭᠤᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ          ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30-11᠄ 30᠂ ᠦᠳᠡ ᠶᠢᠨ ᠬᠤᠶᠢᠨ᠎ᠠ 14᠄ 30-17᠄ 30᠃         ᠬᠠᠷᠢᠯᠴᠠᠬᠤ ᠤᠲᠠᠰᠤ᠄ 0476 - 6222638         ᠬᠠᠷᠢᠭᠤᠴᠠᠯᠭᠠᠲᠠᠨ᠄ ᠸᠠᠩ ᠢ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ