ᠵᠢᠤᠸᠠᠨ ᠶᠦᠩ ᠸᠧᠶ ᠨᠥᠬᠦᠷ ᠤᠨ ᠲᠣᠪᠴᠢ ᠨᠠᠮᠲᠠᠷ
ᠨᠡᠶᠢᠲᠡᠯᠡᠭᠰᠡᠨ ᠴᠠᠭ᠄
2024/9/18
ᠨᠢᠭᠡ᠂ ᠦᠨᠳᠦᠰᠦᠨ ᠪᠠᠶᠢᠳᠠᠯ      ᠵᠢᠤᠸᠠᠨ ᠶᠦᠩ ᠸᠧᠢ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 3 ᠰᠠᠷ᠎ᠠ ᠳᠤ ᠲᠦᠷᠦᠵᠠᠢ᠂ ᠱᠠᠨᠳᠦ᠋ᠩ ᠮᠤᠵᠢ ᠶᠢᠨ ᠡᠦ ᠯᠢᠶᠠᠨ ᠤ ᠬᠥᠮᠦᠨ᠃ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠮᠠᠰᠲ᠋ᠧᠷ ᠤᠨ ᠲᠤᠰᠬᠠᠶ ᠮᠡᠷᠭᠡᠵᠢᠯ ᠲᠠᠢ᠃ 2003 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2004 ᠣᠨ ᠤ 7 ᠰᠠᠷ᠎ᠠ ᠳᠤ ᠠᠵᠢᠯ ᠳᠤ ᠣᠷᠣᠵᠠᠶ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠠᠶᠢᠨ᠎ᠠ᠃ ᠬᠤᠶᠠᠷ᠂ ᠠᠵᠢᠯ ᠤᠨ ᠥᠩᠭᠡᠷᠡᠯᠲᠡ       2000.09—2004.07 ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠣᠷᠴᠢᠨ ᠲᠣᠭᠤᠷᠢᠨ ᠎ ᠤ ᠤᠷᠠᠯᠢᠭ ᠤᠨ ᠵᠢᠷᠤᠭ ᠲᠥᠯᠥᠪᠯᠡᠭᠡᠨ ᠤ ᠲᠤᠰᠬᠠᠶ ᠮᠡᠷᠭᠡᠵᠢᠯ ᠤᠨ ᠰᠣᠷᠣᠭᠴᠢ︔     2004.07—2005.02 ᠪᠡᠭᠡᠵᠢᠩ ᠬᠤᠳᠠ ᠶᠢᠨ ᠪᠠᠷᠢᠯᠭ᠎ᠠ ᠶᠢᠨ ᠮᠣᠳᠣᠨ ᠮᠠᠲ᠋ᠧᠷᠢᠶᠠᠯ ᠤᠨ ᠶᠡᠷᠦᠩᠬᠡᠢ ᠦᠢᠯᠡᠳᠪᠦᠷᠢ ᠶᠢᠨ ᠨᠠᠮ ᠤᠯᠠᠨ ᠲᠦᠮᠡᠨ ᠤ ᠠᠵᠢᠯᠳᠠᠨ ᠤ ᠶᠠᠪᠤᠳᠠᠯ ᠤᠨ ᠬᠡᠯᠲᠡᠰ ᠤᠨ ᠺᠠᠳ᠋ᠷ︔     2005.02—2005.07 ᠪᠡᠭᠡᠵᠢᠩ ᠬᠤᠳᠠ ᠶᠢᠨ ᠪᠠᠷᠢᠯᠭ᠎ᠠ ᠶᠢᠨ ᠮᠣᠳᠣᠨ ᠮᠠᠲ᠋ᠧᠷᠢᠶᠠᠯ ᠤᠨ ᠶᠡᠷᠦᠩᠬᠡᠢ ᠦᠢᠯᠡᠳᠪᠦᠷᠢ ᠶᠢᠨ ᠡᠪᠯᠡᠯ ᠤᠨ ᠬᠤᠷᠢᠶ᠎ᠠ ᠶᠢᠨ ᠳᠡᠳ᠋ ᠱᠦᠵᠢ︔     2005.07—2006.02 ᠪᠡᠭᠡᠵᠢᠩ ᠬᠤᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠵᠠᠰᠠᠯ ᠴᠢᠮᠡᠭᠯᠡᠯ ᠤᠨ ᠺᠣᠮᠫᠠᠨᠢ ᠶᠢᠨ ᠡᠪᠯᠡᠯ ᠤᠨ ᠬᠤᠷᠢᠶ᠎ᠠ ᠶᠢᠨ ᠱᠦᠵᠢ︔     2006.02—2006.07 ᠪᠡᠭᠡᠵᠢᠩ ᠬᠤᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠵᠠᠰᠠᠯ ᠴᠢᠮᠡᠭᠯᠡᠯ ᠤᠨ ᠺᠣᠮᠫᠠᠨᠢ ᠶᠢᠨ ᠡᠪᠯᠡᠯ ᠤᠨ ᠬᠤᠷᠢᠶ᠎ᠠ ᠶᠢᠨ ᠱᠦᠵᠢ᠂ ᠠᠯᠪᠠᠨ ᠭᠡᠷ ᠤᠨ ᠳᠡᠳ᠋ ᠡᠷᠬᠢᠯᠡᠭᠴᠢ ᠶᠢ ᠬᠠᠪᠰᠤᠷᠭᠠᠪᠠ︔     2006.07—2010.04 ᠪᠡᠭᠡᠵᠢᠩ ᠤᠨ ᠪᠠᠷᠢᠯᠭ᠎ᠠ ᠶᠢᠨ ᠠᠵᠢᠯ ᠤᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠠᠵᠢᠯ ᠤᠨ ᠬᠡᠯᠲᠡᠰ ᠤᠨ ᠺᠠᠳ᠋ᠷ ( ᠲᠤᠰ ᠬᠤᠭᠤᠴᠠᠭᠠᠨ ᠳᠤ᠄ 2009.02—2009.09 ᠪᠡᠭᠡᠵᠢᠩ ᠬᠤᠳᠠ ᠶᠢᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠯᠠᠨ ᠲᠦᠮᠡᠨ ᠤ ᠠᠵᠢᠯ ᠤᠨ ᠭᠠᠵᠠᠷ ᠲᠤ ᠵᠢᠭᠡᠯᠡᠵᠦ ᠠᠵᠢᠯᠯᠠᠪᠠ︔ 2009.09—2010.04 ᠪᠡᠭᠡᠵᠢᠩ ᠬᠤᠳᠠ ᠶᠢᠨ ᠨᠠᠮ ᠤᠨ ᠬᠤᠷᠢᠶ᠎ᠠ ᠎ ᠶᠢᠨ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠭᠠᠵᠠᠷ ᠲᠤ ᠵᠢᠭᠡᠯᠡᠵᠦ ᠠᠵᠢᠯᠯᠠᠪᠠ )︔     2010.04—2012.07 ᠪᠡᠭᠡᠵᠢᠩ ᠤᠨ ᠠᠵᠤ ᠠᠬᠤᠢ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠯᠠᠨ ᠲᠦᠮᠡᠨ ᠤ ᠠᠯᠪᠠᠨ ᠭᠡᠷ ᠤᠨ ᠡᠷᠬᠢᠯᠡᠭᠴᠢ︔     2012.07—2013.11 ᠪᠡᠭᠡᠵᠢᠩ ᠤᠨ ᠠᠵᠤ ᠠᠬᠤᠶ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠣᠯᠠᠨ ᠲᠦᠮᠡᠨ ᠤ ᠠᠯᠪᠠᠨ ᠭᠡᠷ ᠤᠨ ᠡᠷᠬᠢᠯᠡᠭᠴᠢ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠯᠲᠡᠰ ᠤᠨ ᠳᠡᠳ᠋ ᠶᠡᠷᠦᠩᠬᠡᠶ ᠳᠠᠭᠠᠭᠠᠮᠠᠯ ᠢ ᠬᠠᠪᠰᠤᠷᠭᠠᠪᠠ︔     2013.11—2018.12 ᠪᠡᠭᠡᠵᠢᠩ ᠤᠨ ᠠᠵᠤ ᠠᠬᠤᠶ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶᠢᠯᠡᠭᠰᠡᠨ ᠠᠯᠪᠠᠨ ᠬᠡᠷ ᠤᠨ ᠶᠡᠷᠦᠩᠬᠡᠶ ᠳᠠᠭᠠᠭᠠᠮᠠᠯ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠯᠲᠡᠰ ᠤᠨ ᠳᠡᠳ᠋ ᠶᠡᠷᠦᠩᠬᠡᠶ ᠳᠠᠭᠠᠭᠠᠮᠠᠯ ᠢ ᠬᠠᠪᠰᠤᠷᠭᠠᠪᠠ ( ᠡᠭᠦᠨ ᠳᠤ 2013.03—2015.07 ᠪᠡᠭᠡᠵᠢᠩ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠵᠥᠭᠡᠯᠡᠨ ᠲᠣᠨᠤᠭ ᠎ ᠤᠨ ᠢᠨᠵᠧᠨᠧᠷᠢᠩ ᠤᠨ ᠬᠦᠷᠢᠶᠡᠨ ᠳᠠᠬᠢ ᠢᠨᠵᠧᠨᠧᠷᠢᠩ ᠤᠨ ᠮᠠᠰᠲ᠋ᠧᠷ ᠤᠨ ᠲᠤᠰᠬᠠᠶ ᠮᠡᠷᠭᠡᠵᠢᠯ ᠳᠤ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠴᠠᠵᠤ᠂ ᠢᠨᠵᠧᠨᠧᠷᠢᠩ ᠎ ᠤᠨ ᠮᠠᠰᠲ᠋ᠧᠷ ᠴᠣᠯᠠ ᠬᠠᠮᠠᠭᠠᠯᠠᠪᠠ )︔     2018.12—2021.05 ᠪᠡᠭᠡᠵᠢᠩ ᠤᠨ ᠠᠵᠤ ᠠᠬᠤᠶ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ( ᠲᠤᠰ ᠬᠤᠭᠤᠴᠠᠭᠠᠨ ᠳᠤ 2020.05—2020.08 ᠪᠡᠭᠡᠵᠢᠩ ᠬᠤᠲᠠ ᠎ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠤᠰᠬᠠᠶ ᠬᠡᠷᠡᠭ ᠤᠨ ᠳᠤᠭᠤᠶᠢᠯᠠᠩ ᠳᠤ ᠵᠢᠭᠡᠯᠡᠨ ᠠᠵᠢᠯᠯᠠᠭᠰᠠᠨ ᠪᠠᠶᠢᠨ᠎ᠠ )︔      2021.05—202.06 ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠵᠢᠱᠢᠭᠳᠡᠭᠴᠢ︔      2021.06— ᠣᠲᠣ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠎ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠃ᠭᠤᠷᠪᠠ᠂ ᠠᠵᠢᠯ ᠤᠨ ᠬᠤᠪᠢᠶᠠᠷᠢᠯᠠᠯ          ᠬᠤᠰᠢᠭᠤᠨ ᠳᠠᠷᠤᠭ᠎ᠠ ᠶᠢ ᠬᠠᠮᠵᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠯ᠎ᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠥᠬᠦᠶ ᠳᠡᠳ᠋ ᠬᠤᠰᠢᠭᠤᠨ ᠳᠠᠷᠤᠭ᠎ᠠ ᠲᠠᠢ ᠬᠠᠮᠵᠢᠯᠴᠠᠨ ᠬᠤᠰᠢᠭᠤᠨ ᠳᠠᠷᠤᠭ᠎ᠠ ᠶᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠦᠷᠢᠶᠡᠯᠡᠩ ᠲᠣᠭᠤᠷᠢᠭ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ      
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ