ᠰᠢᠩ ᠶᠠ ᠵᠢᠶᠦ᠋ᠨ ᠨᠥᠬᠦᠷ ᠤᠨ ᠲᠣᠪᠴᠢ ᠨᠠᠮᠲᠠᠷ
ᠨᠡᠶᠢᠲᠡᠯᠡᠭᠰᠡᠨ ᠴᠠᠭ᠄
2024/9/18
     ᠨᠢᠭᠡ᠂ ᠦᠨᠳᠦᠰᠦᠨ ᠪᠠᠶᠢᠳᠠᠯ      ᠰᠢᠩ ᠶᠠ ᠵᠢᠶᠦ᠋ᠨ᠂ ᠡᠷᠡᠭᠲᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠢᠲᠠᠳ ᠦᠨᠳᠦᠰᠦᠲᠡᠨ᠂ 1983 ᠣᠨ ᠤ 1 ᠰᠠᠷ᠎ᠠ ᠳᠤ ᠬᠠᠷᠠᠴᠢᠨ ᠬᠤᠰᠢᠭᠤᠨ ᠳᠤ ᠲᠦᠷᠦᠵᠠᠢ᠃ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠎ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ ᠤᠨ ᠲᠤᠰᠬᠠᠢ ᠮᠡᠷᠭᠡᠵᠢᠯ ᠠᠴᠠ ᠲᠡᠭᠦᠰᠴᠡᠢ᠃ 2006 ᠣᠨ ᠤ 7 ᠰᠠᠷ᠎ᠠ ᠳᠤ ᠠᠵᠢᠯ ᠳᠤ ᠣᠷᠣᠵᠤ᠂ 2005 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠣᠳᠣ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      ᠬᠤᠶᠠᠷ᠂ ᠠᠵᠢᠯ ᠤᠨ ᠥᠩᠭᠡᠷᠡᠯᠲᠡ        2006.07—2008.07   ︽ᠭᠤᠷᠪᠠ ᠶᠢ ᠲᠤᠰᠠᠯᠠᠵᠤ ᠨᠢᠭᠡ ᠶᠢ ᠲᠡᠳᠬᠦᠬᠦ︾  ᠲᠦᠷᠦᠯ ᠤᠨ ᠠᠵᠢᠯᠳᠠᠨ ᠢᠶᠠᠷ ᠬᠠᠷᠠᠴᠢᠨ ᠬᠤᠰᠢᠭᠤᠨ ᠤ ᠨᠠᠷᠢᠨ ᠪᠠᠯᠭᠠᠰᠤᠨ ᠤ ᠡᠪᠯᠡᠯ ᠤᠨ ᠬᠤᠷᠢᠶ᠎ᠠ ᠶᠢᠨ ᠳᠡᠳ᠋ ᠱᠦᠵᠢ᠂ ᠤᠬᠠᠭᠤᠯᠬᠤ ᠠᠵᠢᠯᠲᠠᠨ᠂ ᠬᠠᠷᠠᠴᠢᠨ ᠬᠤᠰᠢᠭᠤᠨ ᠤ ᠠᠵᠢᠯᠲᠠᠨ ᠤ ᠶᠠᠪᠤᠳᠠᠯ ᠬᠥᠳᠡᠯᠮᠦᠷᠢ ᠪᠠ ᠨᠡᠶᠢᠭᠡᠮ ᠎ ᠤᠨ ᠪᠠᠲᠤᠯᠠᠭ᠎ᠠ ᠶᠢᠨ ᠲᠣᠪᠴᠢᠶᠠᠨ ᠤ ᠠᠯᠪᠠᠨ ᠭᠡᠷ ᠤᠨ ᠨᠠᠷᠢᠨ ᠪᠢᠴᠢᠭᠡᠴᠢ︔      2008.07—2008.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠰᠣᠩᠭᠤᠨ  ᠲᠤᠮᠢᠯᠠᠬᠤ ᠰᠣᠷᠣᠭᠴᠢ ᠶᠢᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︔      2008.08—2011.11 ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠢᠭᠡᠳᠦᠭᠡᠷ ᠲᠠᠰᠤᠭ ᠤᠨ ᠭᠡᠰᠢᠭᠦᠨ ( ᠡᠨᠡᠬᠦ ᠬᠤᠭᠤᠴᠠᠭᠠᠨ ᠳᠤ 2010.05—2011.05 ᠬᠠᠷᠠᠴᠢᠨ ᠬᠤᠰᠢᠭᠤᠨ ᠤ ᠯᠦᠩ ᠴᠢᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠪᠡ )︔      2011.11—2013.04 ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠡᠷᠬᠢᠯᠡᠭᠴᠢ ᠭᠡᠰᠢᠭᠦᠴᠢ ( ᠡᠨᠡᠬᠦ ᠬᠤᠭᠤᠴᠠᠭᠠᠨ ᠳᠤ 2011.12—2013.01 ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠦᠨᠳᠦᠰᠦᠲᠡᠨ ᠱᠠᠰᠢᠨ ᠰᠤᠷᠲᠠᠬᠤᠨ ᠤ ᠰᠠᠯᠠᠭ᠎ᠠ ᠳᠤ ᠰᠢᠯᠵᠢᠭᠦᠯᠦᠨ ᠪᠣᠯᠪᠠᠰᠤᠷᠠᠭᠤᠯᠪᠠ︶︔      2013.04—2015.02 ᠤᠯᠠᠭᠠᠨᠬᠠᠳᠠ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠡᠷᠬᠢᠯᠡᠭᠴᠢ ᠭᠡᠰᠢᠭᠦᠴᠢ ( ᠡᠨᠡᠬᠦ ᠬᠤᠭᠤᠴᠠᠭᠠᠨ ᠎ ᠳᠤ  2014.03—2014.08 ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠲᠤ ᠬᠢᠨᠠᠯᠲᠠ ᠲᠠᠯᠪᠢᠬᠤ ᠰᠠᠯᠠᠭ᠎ᠠ ᠳᠤ ᠰᠢᠯᠵᠢᠭᠦᠯᠦᠨ ᠪᠣᠯᠪᠠᠰᠤᠷᠠᠭᠤᠯᠪᠠ︶︔      2015.02—2017.02 ᠤᠯᠠᠭᠠᠨᠬᠠᠳᠠ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠠᠵᠤ ᠠᠬᠤᠶ ᠶᠢᠨ ᠬᠠᠷᠢᠯᠴᠠᠬᠤ ᠰᠠᠯᠠᠭᠠᠨ ᠤ ᠳᠡᠳ᠋ ᠳᠠᠷᠤᠭ᠎ᠠ ( ᠠᠵᠢᠯ ᠡᠷᠬᠢᠯᠡᠪᠡ )︔      2017.02—2019.06 ᠤᠯᠠᠭᠠᠨᠬᠠᠳᠠ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯᠲᠠᠨ ᠤ ᠶᠠᠪᠤᠳᠠᠯ ᠤᠨ ᠨᠠᠮ ᠪᠦᠯᠦᠭ ᠤᠨ ᠰᠠᠯᠠᠭᠠᠨ ᠳᠠᠷᠤᠭ᠎ᠠ︔      2019.06—2020.11 ᠤᠯᠠᠭᠠᠨᠬᠠᠳᠠ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠨᠢᠭᠡᠳᠦᠭᠡᠷ ᠰᠠᠯᠠᠭ᠎ᠠ ( ᠨᠠᠮ ᠤᠨ ᠭᠠᠳᠠᠨᠠᠬᠢ ᠺᠠᠳ᠋ᠷ ᠪᠠ ᠠᠷᠠᠳᠴᠢᠯᠠᠭᠰᠠᠨ ᠨᠠᠮ ᠪᠦᠯᠦᠭ ᠤᠨ ᠰᠠᠯᠠᠭ᠎ᠠ )᠎ ᠶᠢᠨ ᠰᠠᠯᠠᠭᠠᠨ ᠳᠠᠷᠤᠭ᠎ᠠ︔      2020.11—20201.07 ᠤᠯᠠᠭᠠᠨᠬᠠᠳᠠ ᠬᠤᠲᠠ ᠶᠢᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ( ᠡᠨᠡᠬᠦ ᠬᠤᠭᠤᠴᠠᠭᠠᠨ ᠳᠤ 2020.05—2021.05 ᠬᠠᠷᠠᠴᠢᠨ ᠬᠤᠰᠢᠭᠤᠨ ᠤ ᠾᠧᠪᠧᠶ ᠵᠡᠭᠡᠯᠢ ᠭᠤᠳᠤᠮᠵᠢ ᠶᠢᠨ ᠨᠠᠮ ᠎ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠲᠦᠷ ᠴᠠᠭ ᠡᠭᠦᠷᠭᠡᠯᠡᠪᠡ︔ 2021.05—2021.07 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ 45 ᠳ᠋ᠤᠭᠠᠷ ᠬᠤᠭᠤᠴᠠᠭᠠᠨ ᠤ ᠠᠶᠢᠮᠠᠭ ᠬᠤᠲᠠ ᠶᠢᠨ ᠭᠠᠵᠠᠷ ᠤᠨ ᠲᠠᠰ ᠤᠨ ᠠᠯᠪᠠᠲᠠᠨ ᠤ ᠪᠣᠯᠪᠠᠰᠤᠷᠠᠯ ᠤᠨ ᠠᠩᠭᠢ ᠳᠤ ᠰᠤᠷᠤᠯᠴᠠᠪᠠ︶︔      2021.07—2021.08 ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠨᠡᠷ᠎ᠡ ᠲᠤᠷᠠᠳᠤᠭᠲᠠᠭᠰᠠᠨ ᠵᠢᠱᠢᠭᠳᠡᠭᠴᠢ︔      2021.08— ᠤᠳᠤ ᠪᠤᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠃      ᠭᠤᠷᠪᠠ᠂ ᠠᠵᠢᠯ ᠤᠨ ᠬᠤᠪᠢᠶᠠᠷᠢᠯᠠᠯ      ᠬᠤᠰᠢᠭᠤᠨ ᠳᠠᠷᠤᠭ᠎ᠠ ᠶᠢ ᠬᠠᠮᠵᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠯᠢ ᠰᠢᠶᠠᠩ ᠶᠦᠨ ᠬᠤᠰᠢᠭᠤᠨ ᠳᠡᠳ᠋ ᠳᠠᠷᠤᠭ᠎ᠠ ᠶᠢ ᠬᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ