ᠳ᠋ᠧᠦ ᠸᠧᠨ ᠪᠥᠸᠧ ᠨᠥᠬᠦᠷ ᠤᠨ ᠲᠣᠪᠴᠢ ᠨᠠᠮᠲᠠᠷ
ᠨᠡᠶᠢᠲᠡᠯᠡᠭᠰᠡᠨ ᠴᠠᠭ᠄
2024/9/18
ᠨᠢᠭᠡ᠂ ᠦᠨᠳᠦᠰᠦᠨ ᠪᠠᠶᠢᠳᠠᠯ          ᠳ᠋ᠧᠦ ᠸᠧᠨ ᠪᠥᠸᠧ᠂ ᠡᠷᠡᠭᠲᠡᠶ᠂ ᠬᠢᠲᠠᠳ ᠦᠨᠳᠦᠰᠦᠲᠡᠨ᠂ 1989 ᠣᠨ ᠤ 12 ᠰᠠᠷ᠎ᠠ ᠳᠤ ᠱᠠᠨᠳᠦ᠋ᠩ ᠮᠤᠵᠢ ᠶᠢᠨ ᠴᠢᠩᠵᠸᠦ ᠬᠤᠲᠠ ᠳᠤ ᠳᠦᠷᠦᠵᠡᠶ᠃ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠡᠶᠢᠭᠡᠮ ᠪᠠ ᠬᠥᠮᠦᠨ ᠠᠮᠠ ᠶᠢᠨ ᠳᠡᠭᠡᠳᠦ ᠰᠤᠷᠭᠠᠭᠤᠯᠢ ᠶᠢᠨ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠠᠴᠠ ᠲᠡᠭᠦᠰᠴᠡᠶ᠃ 2013 ᠣᠨ ᠤ 6 ᠰᠠᠷ᠎ᠠ ᠳᠤ ᠠᠵᠢᠯ ᠳᠤ ᠣᠷᠣᠵᠤ᠂ 2010 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ᠬᠤᠶᠠᠷ᠂ ᠠᠵᠢᠯ ᠤᠨ ᠥᠩᠭᠡᠷᠡᠯᠲᠡ          2013 . 06—2014 . 06 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠰᠤᠳᠤᠯᠬᠤ ᠲᠠᠰᠤᠭ ᠤᠨ ᠰᠤᠳᠤᠯᠬᠤ ᠭᠠᠵᠠᠷ ᠤᠨ ᠺᠠᠳ᠋ᠷ︔          2014 . 06—2014 . 09 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠰᠤᠳᠤᠯᠬᠤ ᠲᠠᠰᠤᠭ ᠤᠨ ᠰᠤᠳᠤᠯᠬᠤ ᠨᠢᠭᠡᠳᠦᠭᠡᠷ ᠭᠠᠵᠠᠷ ᠤᠨ ᠳᠡᠳ᠋ ᠡᠷᠬᠢᠯᠡᠭᠴᠢ ᠭᠡᠰᠢᠭᠦᠴᠢ︔           2014 . 09—2016 . 06 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠤᠨ ᠳᠡᠳ᠋ ᠡᠷᠬᠢᠯᠡᠭᠴᠢ ᠭᠡᠰᠢᠭᠦᠴᠢ︔           2016 . 06—2017 . 07 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠤᠨ ᠳᠡᠳ᠋ ᠰᠠᠯᠠᠭᠠᠨ ᠤ ᠳᠡᠰ ᠤᠨ ᠨᠠᠷᠢᠨ ᠪᠢᠴᠢᠭᠡᠴᠢ︔          2017 . 07—2019 . 06 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠤᠨ ᠰᠠᠯᠠᠭᠠᠨ ᠳᠡᠰ ᠤᠨ ᠨᠠᠷᠢᠨ ᠪᠢᠴᠢᠭᠡᠴᠢ ᠶᠢᠨ ᠲᠤᠰᠢᠶᠠᠯ︔         2019 . 06—2019 . 11 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠤᠨ ᠰᠠᠯᠠᠭᠠᠨ ᠳᠡᠰ ᠤᠨ ᠨᠠᠷᠢᠨ ᠪᠢᠴᠢᠭᠡᠴᠢ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ︔         2019 . 11—2020 . 11 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠤᠨ ᠳᠡᠳ᠋ ᠭᠠᠵᠠᠷ ᠤᠨ ᠳᠡᠰ ᠤᠨ ᠨᠠᠷᠢᠨ ᠪᠢᠴᠢᠭᠡᠴᠢ︔          2021 . 09— 2022 . 11 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠤᠨ ᠳᠡᠳ᠋ ᠳᠠᠷᠤᠭ᠎ᠠ︔          2022 . 11—2022 . 12 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠮᠡᠳᠡᠭᠡ ᠵᠠᠩᠭᠢ ᠶᠢᠨ ᠭᠠᠵᠠᠷ ᠤᠨ ᠳᠡᠳ᠋ ᠳᠠᠷᠤᠭ᠎ᠠ︔          2022 . 12—2023. 05 ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠤᠨ ᠮᠡᠳᠡᠭᠡ ᠵᠠᠩᠭᠢ ᠶᠢᠨ ᠭᠠᠵᠠᠷ ᠤᠨ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ︔          2023.5 — ᠣᠳᠣ ᠪᠣᠯᠲᠠᠯ᠎ᠠ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠃ ᠭᠤᠷᠪᠠ᠂ ᠠᠵᠢᠯ ᠤᠨ ᠬᠤᠪᠢᠶᠠᠷᠢᠯᠠᠯ         ᠰᠦᠩ ᠶᠦᠩ ᠳᠡᠳ᠋ ᠬᠤᠰᠢᠭᠤᠨ ᠳᠠᠷᠤᠭ᠎ᠠ ᠶᠢ ᠬᠠᠮᠵᠢᠨ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠤᠮᠤᠭᠳᠤ ᠳᠡᠳ᠋ ᠬᠤᠰᠢᠭᠤᠨ ᠳᠠᠷᠤᠭ᠎ᠠ ᠶᠢ  ᠬᠠᠮᠵᠢᠨ ᠦᠨᠳᠦᠰᠦᠲᠡᠨ ᠤ ᠠᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ