| | | ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ︽ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠬᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠡᠭᠭᠦ ᠪᠠᠨ ᠲᠦᠯᠦᠬᠦ ᠶᠢ ᠳᠡᠮᠵᠢᠬᠦ ᠲᠤᠬᠠᠶ | ᠮᠡᠳᠡᠭᠳᠡᠯ︾ ᠨᠡᠶᠢᠳᠡᠯᠡᠪᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ | ᠦᠢᠯᠡᠳᠦᠯ ᠢ ᠤᠯᠠᠮ ᠢᠶᠠᠷ ᠪᠠᠳᠠᠷᠠᠭᠤᠯᠵᠤ᠂ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠵᠠᠶᠢᠯᠠᠰᠢ ᠥᠬᠡᠶ ᠴᠢᠨᠠᠷᠳᠠᠢ ᠪᠠ ᠰᠠᠶᠢᠵᠢᠷᠠᠭᠤᠯᠬᠤ ᠴᠢᠨᠠᠷᠲᠠᠶ | ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠵᠦ᠂ ᠬᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠲᠤᠰᠢᠶᠠᠬᠤ ᠮᠦᠡᠭᠭᠦ ᠶᠢᠨ ᠳᠠᠷᠤᠯᠲᠠ ᠶᠢ ᠬᠥᠩᠭᠡᠷᠡᠭᠦᠯᠵᠦ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠬᠡᠬᠤᠲᠠ ᠶᠢᠨ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠤᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠠᠴᠠ ᠰᠤᠳᠤᠯᠤᠨ ᠪᠠᠲᠤᠯᠠᠵᠤ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠬᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠡᠭᠭᠦ ᠪᠠᠨ ᠲᠦᠯᠦᠬᠦ | ᠦᠢᠯᠡᠰ ᠢ ᠳᠡᠮᠵᠢᠬᠦ ᠪᠠᠷ ᠪᠤᠯᠪᠠ᠃ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠶ ᠴᠢᠤᠸᠠᠨ ᠲᠣᠭᠤᠷᠢᠭ᠂ ᠰᠠᠶᠢᠬᠠᠨ | ᠲᠣᠭᠤᠷᠢᠭ ᠤᠨ ᠬᠠᠷᠢᠶ᠎ᠠ ᠲᠣᠭᠤᠷᠢᠭ ᠲᠤᠳᠤᠷ᠎ᠠ ᠠᠴᠠ ᠰᠢᠨ᠎ᠡ ᠪᠠᠷ ᠪᠠᠶᠢᠭᠤᠯᠤᠭᠰᠠᠨ ᠤᠷᠢᠳᠴᠢᠯᠠᠨ ᠬᠤᠳᠠᠯᠳᠤᠬᠤ ᠲᠠᠸᠠᠷ ᠤᠨ ᠣᠷᠣᠨ ᠰᠠᠭᠤᠴᠠ ᠶᠢ ᠬᠤᠳᠠᠯᠳᠤᠨ | ᠠᠪᠤᠭᠰᠠᠨ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠵᠤᠭᠤᠰ ᠲᠤᠰᠢᠶᠠᠨ ᠬᠠᠳᠠᠭᠠᠯᠠᠭᠤᠯᠵᠤ ᠪᠠᠶᠢᠭ᠎ᠠ | ᠠᠵᠢᠯᠲᠠᠨ ᠠᠵᠢᠯᠴᠢᠨ ᠨᠢ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ | ᠲᠤᠭ᠎ᠠ ᠪᠠᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠲᠠᠩᠰᠠᠨ ᠡᠷᠦᠬᠡ ᠳᠤ ᠬᠤᠪᠢᠶᠠᠷᠢᠯᠠᠨ ᠰᠢᠯᠵᠢᠭᠦᠯᠬᠦ ᠪᠠᠷ ᠭᠤᠶᠤᠴᠢᠯᠠᠵᠤ᠂ ᠬᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠡᠭᠭᠦ | ᠪᠤᠯᠭᠠᠨ ᠬᠡᠷᠡᠭᠯᠡᠵᠦ ᠪᠣᠯᠤᠨ᠎ᠠ᠃ |