| | | | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠲᠤᠰ ᠱᠠᠲᠤᠨ ᠳᠤ ︽ᠬᠤᠶᠠᠷ ᠰᠢᠯᠢᠳᠡᠭ︾ | ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠣᠭᠲᠠᠭᠠᠬᠤ᠂ | ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠲᠠᠶᠢᠯᠪᠤᠷᠢ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ | ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ | ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ | ᠵᠠᠰᠠᠭ ᠲᠠᠷᠬᠠᠭᠠᠭᠰᠠᠨ ﹇2023﹈ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠡᠷᠬᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ 6077 ᠵᠦᠢᠯ ᠤᠨ | ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠵᠦᠢᠯᠡᠰ ᠲᠤ ᠲᠣᠬᠢᠷᠠᠭᠤᠯᠤᠯᠲᠠ ᠬᠢᠵᠦ ᠦᠯᠡᠳᠡᠭᠡᠵᠦ᠂ ︵ᠬᠠᠤᠯᠢ ᠬᠡᠷᠡᠭᠵᠢᠭᠦᠯᠬᠦ | ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ︶ 212 ᠵᠦᠢᠯ ᠤᠨ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠵᠦᠢᠯᠡᠰ ᠢ ᠬᠦᠴᠦᠨ ᠦᠭᠡᠢ ᠪᠣᠯᠭᠠᠪᠠ᠂ | ᠡᠳᠦᠭᠡ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠦᠯᠡᠳᠡᠭᠡᠬᠦ ᠵᠦᠢᠯᠡᠰ ᠤᠨ | ᠭᠠᠷᠴᠠᠭ ︵2024 ᠣᠨ ᠤ ᠬᠡᠪᠯᠡᠯ︶︾ ᠪᠠ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠬᠦᠴᠦᠨ ᠥᠬᠡᠶ ᠪᠣᠯᠭᠠᠬᠤ ᠵᠦᠢᠯᠡᠰ ᠤᠨ ᠭᠠᠷᠴᠠᠭ︾ ᠢ ᠨᠡᠶᠢᠲᠡᠯᠡᠬᠦ ᠶᠢᠨ ᠬᠠᠮᠲᠤ ᠳᠣᠤᠷᠠᠬᠢ ᠠᠵᠢᠯ ᠤᠳ ᠢ ᠬᠠᠮᠲᠤ ᠳᠤᠨᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | ᠨᠢᠭᠡ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠵᠦ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠡᠷᠬᠡ ᠶᠢ ᠴᠥᠮ | ᠬᠠᠤᠯᠢ ᠶᠢ ᠵᠥᠷᠢᠴᠡᠨ ᠬᠡᠷᠡᠭᠵᠢᠭᠦᠯᠵᠦ ᠪᠣᠯᠬᠤ ᠦᠭᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠨᠠᠷᠢᠨ ᠬᠠᠭᠤᠳᠠᠰᠤ ᠶᠢ | ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ | ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ | ᠨᠡᠶᠢᠲᠡ ᠶᠢᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠥᠳᠡᠯᠦᠩᠭᠦᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠤᠷᠤᠨ ᠨᠢ ᠲᠤᠰ | ᠤᠳᠠᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠤᠬᠢᠷᠠᠭᠤᠯᠭ᠎ᠠ ᠶᠢᠨ ᠪᠠᠶᠢᠳᠠᠯ ᠢ ᠦᠨᠳᠦᠰᠦᠯᠡᠨ᠂ ᠬᠦᠳᠡᠯᠦᠩᠭᠦᠢ ᠲᠣᠬᠢᠷᠠᠭᠤᠯᠬᠤ ᠵᠠᠷᠴᠢᠮ | ᠪᠣᠯᠣᠨ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ ᠲᠤᠰ ᠭᠠᠵᠠᠷ ᠤᠷᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠤᠬᠢᠷᠠᠭᠤᠯᠤᠯᠲᠠ ᠵᠢᠴᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠠᠵᠢᠯ ᠢ ᠱᠠᠯᠠᠪᠳᠠᠨ ᠦᠷᠨᠢᠭᠦᠯᠬᠦ ᠬᠡᠷᠡᠭᠲᠡᠢ᠃ | ᠬᠤᠶᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ᠃ | ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠡᠷᠬᠡ ᠶᠢ ᠳᠣᠷᠣᠭᠰᠢ | ᠪᠠᠭᠤᠯᠭᠠᠵᠤ ᠡᠨᠧᠷᠭᠢ ᠣᠯᠭᠤᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ | ᠴᠢᠷᠮᠠᠶᠢᠯᠭ᠎ᠠ ᠲᠠᠢ ᠵᠠᠰᠠᠭ ᠤᠨ ᠣᠷᠳᠣᠨ ᠨᠠᠩ ᠰᠠᠶᠢᠨ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ | ᠨᠢᠭᠡᠴᠢ ᠨᠦᠭᠦᠳ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠰᠢᠯᠵᠢᠭᠦᠯᠦᠨ ᠲᠤᠰᠢᠶᠠᠵᠤ ᠳᠠᠭᠠᠭᠠᠨ ᠠᠪᠬᠤ ᠠᠵᠢᠯ ᠢ ᠰᠠᠶᠢᠲᠤᠷ ᠬᠢᠵᠦ᠂ ᠡᠷᠬᠡ ᠪᠠᠨ ᠲᠠᠯᠪᠢᠵᠤ ᠳᠡᠶᠢᠯᠬᠦ᠂ ᠭᠥᠯᠢᠶᠡᠨ ᠠᠪᠴᠤ ᠳᠡᠶᠢᠯᠬᠦ᠂ | ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠳᠤ ᠲᠣᠳᠣᠷᠬᠠᠶ ᠬᠦᠴᠦᠨ ᠥᠬᠡᠶ ᠪᠣᠯᠭᠠᠬᠤ ᠵᠦᠢᠯᠡᠰ ᠢ | ᠴᠥᠮ ᠳᠠᠬᠢᠨ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ᠃ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ ᠥᠬᠡᠶ | ᠪᠣᠯᠭᠠᠭᠰᠠᠨ ᠪᠣᠯᠪᠠᠴᠤ ᠮᠥᠨ ᠬᠦ ᠬᠢᠨᠠᠨ ᠬᠠᠮᠢᠶᠠᠷᠬᠤ ᠴᠢᠬᠤᠯᠠᠲᠠᠶ ᠵᠦᠢᠯᠡᠰ ᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠨᠦᠭᠦᠳ ︽ᠠᠵᠢᠯ | ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ︹2019︺ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨᠡᠨ ᠬᠦ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠬᠠᠮᠢᠶᠠᠷᠤᠯᠲᠠ ᠬᠤᠭᠤᠰᠣᠨ ᠪᠣᠯᠬᠤ ᠠᠴᠠ ᠵᠠᠶᠢᠯᠠᠰᠬᠢᠬᠦ ᠬᠡᠷᠡᠭᠲᠡᠶ᠃ ᠳᠣᠷᠣᠭᠰᠢ ᠪᠠᠭᠤᠯᠭᠠᠭᠰᠠᠨ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ | ᠰᠢᠯᠵᠢᠭᠦᠯᠬᠦ︶ ᠵᠦᠢᠯᠡᠰ ᠲᠤ ᠴᠢᠭᠯᠡᠭᠦᠯᠦᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠨᠦᠭᠦᠳ ᠠᠵᠢᠯ ᠲᠥᠷᠥᠯ ᠤᠨ | ᠵᠢᠯᠣᠭᠤᠳᠣᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ᠂ | ᠪᠠᠷᠢᠮᠵᠢᠶ᠎ᠠ ᠶᠢ ᠬᠡᠷᠡᠭᠵᠢᠭᠦᠯᠬᠦ ᠵᠡᠷᠭᠡ ᠲᠦᠷᠢᠮ ᠤᠨ ᠵᠢᠷᠤᠮᠵᠢᠯ ᠢ ᠲᠣᠭᠲᠠᠭᠠᠬᠤ ᠶᠢᠨ ᠬᠠᠮᠲᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠡᠷᠬᠡ ᠣᠯᠭᠤᠯᠲᠠ᠂ | ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠵᠡᠷᠭᠡ ᠲᠠᠯ᠎ᠠ ᠪᠠᠷ ᠳᠠᠭᠠᠭᠠᠨ ᠠᠪᠤᠭᠰᠠᠨ ᠰᠠᠯᠠᠭ᠎ᠠ ᠮᠥᠴᠢᠷ ᠲᠤ ᠲᠤᠯᠭᠠᠭᠤᠷᠢᠯᠠᠯ ᠤᠨ | ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠭᠠᠵᠠᠷ ᠣᠷᠣᠨ ᠨᠢ ᠵᠤᠷᠪᠤᠰ ᠳᠠᠷᠠᠭᠠᠯᠠᠨ ᠳᠣᠷᠣᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ | ᠰᠢᠯᠵᠢᠭᠦᠯᠬᠦ︶ ᠶᠢ ᠳᠠᠭᠠᠭᠠᠨ ᠠᠪᠬᠤ ᠭᠤᠤᠯ ᠴᠣᠭᠴᠠ ᠶᠢ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠯᠭᠠᠬᠤ ᠰᠠᠯᠠᠭ᠎ᠠ ᠮᠥᠴᠢᠷ ᠢ | ᠵᠣᠯᠭᠠᠭᠤᠯᠤᠨ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠤᠪᠤᠷᠠᠯ ᠢ ᠵᠢᠯᠣᠭᠤᠳᠤᠨ ᠰᠢᠯᠢᠳᠡᠭᠵᠢᠭᠦᠯᠬᠦ ᠬᠡᠷᠡᠭᠲᠡᠶ᠃ | ᠭᠤᠷᠪᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠬᠦ ᠬᠡᠷᠡᠭᠲᠡᠢ᠃ | ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠨ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ | ᠦᠵᠡᠭᠦᠯᠬᠦ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ | ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠲᠣᠰ | ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠪᠦᠷᠢᠨ ᠪᠦᠲᠦᠨ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵ᠡᠷᠬᠡ ᠶᠢᠨ ᠨᠡᠷᠡᠶᠢᠳᠦᠯ᠂ ᠲᠥᠷᠥᠯ | ᠢᠯᠭᠠᠯ᠂ ᠬᠠᠷᠢᠭᠤᠴᠠᠯᠭ᠎ᠠ ᠶᠢᠨ ᠭᠤᠤᠯ ᠴᠣᠭᠴᠠ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠶᠢᠨ ᠵᠦᠢᠯᠡᠰ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ | ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠡᠷᠭᠡ ᠠᠭᠤᠯᠭ᠎ᠠ︶ ᠶᠢ ᠨᠡᠶᠢᠲᠡᠯᠡᠵᠦ᠂ ᠤᠬᠠᠭᠤᠯᠤᠨ ᠲᠠᠶᠢᠯᠪᠤᠷᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ | ᠴᠢᠩᠭᠠᠳᠬᠠᠬᠤ᠂ ᠨᠡᠶᠢᠭᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠬᠦ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠯᠦᠭᠡ ᠵᠣᠯᠭᠠᠭᠤᠯᠵᠤ᠂ ᠠᠯᠬᠤᠮ ᠳᠠᠷᠠᠭ᠎ᠠ ᠶᠢ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ᠂ ᠮᠠᠲ᠋ᠧᠷᠢᠶᠠᠯ ᠤᠨ | ᠲᠥᠷᠥᠯ ᠬᠡᠯᠪᠡᠷᠢ᠂ ᠬᠡᠷᠡᠭ ᠶᠠᠪᠤᠳᠠᠯ ᠤᠨ ᠨᠡᠷᠡᠢᠳᠦᠯ᠂ ᠦᠨᠳᠦᠰᠦᠨ ᠺᠣᠳ᠋᠂ ᠬᠡᠷᠡᠭ ᠶᠠᠪᠤᠳᠠᠯ ᠤᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ ᠵᠡᠷᠭᠡ | ᠦᠨᠳᠦᠰᠦᠨ ᠬᠦᠴᠦᠨ ᠵᠦᠢᠯ ᠤᠨ ︽ᠭᠤᠷᠪᠠᠨ ᠱᠠᠲᠤ ᠳᠥᠷᠪᠡᠨ ᠠᠳᠠᠯᠢ︾ ᠶᠢᠨ ᠰᠠᠭᠤᠷᠢᠨ ᠳᠡᠭᠡᠷ᠎ᠡ᠂ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠣᠷᠣᠨ | ᠪᠦᠰᠡ ᠶᠢᠨ ᠬᠤᠭᠤᠷᠣᠨᠳᠣᠬᠢ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠤᠯᠠᠮ ᠨᠢᠭᠡ | ᠠᠯᠬᠤᠮ ᠨᠢᠭᠡᠳᠦᠯᠲᠡᠶ ᠵᠢᠷᠤᠮᠵᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠦᠢᠯᠡᠴᠢᠯᠡᠬᠦ ᠡᠲᠡᠭᠡᠳ᠂ ᠭᠦᠢᠴᠡᠳᠭᠡᠬᠦ ᠴᠤᠪᠤᠷᠠᠯ ︵ᠪᠣᠳᠠᠲᠠᠶ | ᠭᠤᠭᠴᠤᠭ᠎ᠠ ᠶᠢᠨ ᠬᠤᠪᠢᠶᠠᠷᠢᠯᠠᠯᠲᠠ ᠪᠠ ᠴᠤᠪᠤᠷᠠᠯ ᠵᠢᠷᠤᠭ ᠪᠠᠭᠲᠠᠨ᠎ᠠ︶᠂ ᠭᠤᠶᠤᠴᠢᠯᠠᠬᠤ ᠮᠠᠲ᠋ᠧᠷᠢᠶᠠᠯ ︵ᠮᠠᠲ᠋ᠧᠷᠢᠶᠠᠯ ᠤᠨ ᠨᠡᠷᠡᠶᠢᠳᠦᠯ᠂ ᠬᠡᠯᠪᠡᠷᠢ᠂ ᠬᠤᠪᠢ ᠲᠤᠭ᠎ᠠ | ᠪᠠ ᠦᠷ᠎ᠡ ᠳ᠋ᠦᠩ ᠤᠨ ᠥᠯᠢᠭᠡᠷ ᠬᠦᠰᠦᠨᠦᠭᠲᠦ ᠪᠠᠭᠲᠠᠨ᠎ᠠ︶᠂ ᠬᠠᠤᠯᠢ ᠪᠠᠷ ᠲᠣᠭᠲᠠᠭᠠᠭᠰᠠᠨ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ᠂ ᠭᠦᠢᠴᠡᠳᠬᠡᠭᠰᠡᠨ | ᠦᠷ᠎ᠡ ᠳ᠋ᠦᠩ᠂ ︵ᠦᠷ᠎ᠡ ᠳ᠋ᠦᠩ ᠤᠨ ᠨᠡᠷᠡᠢᠳᠦᠯ ᠪᠠ ᠦᠷ᠎ᠡ ᠳ᠋ᠦᠩ ᠤᠨ ᠦᠯᠢᠭᠡᠷ ᠶᠠᠩᠵᠤ ᠪᠠᠭᠲᠠᠨ᠎ᠠ︶ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠦᠢᠯ ᠢ | ᠰᠠᠯᠭᠠᠬᠤ ᠪᠠᠷᠢᠮᠵᠢᠶ᠎ᠠ᠂ ᠬᠠᠤᠯᠢ ᠪᠠᠷ ᠲᠣᠭᠲᠠᠭᠠᠭᠰᠠᠨ ᠵᠠᠭᠤᠴᠢ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠴᠦᠨ ᠵᠦᠢᠯ ᠤᠨ ᠠᠭᠤᠯᠭ᠎ᠠ ᠶᠢ ᠪᠦᠬᠦ ᠬᠤᠲᠠ ᠶᠢᠨ | ᠬᠡᠪᠴᠢᠶᠡᠨ ᠳᠤ ᠨᠢᠭᠡᠳᠦᠯᠲᠡᠶ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ | ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ ᠨᠡᠮᠡᠭᠳᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ ᠦᠭᠡᠢ᠃ | ᠳᠥᠷᠪᠡ᠂ ᠠᠵᠢᠯᠯᠠᠭᠠᠨ ᠤ ᠬᠢᠨᠠᠯᠲᠠ ᠲᠠᠯᠪᠢᠬᠤ ᠲᠣᠭᠲᠠᠴᠠ ᠶᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ | ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ | ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠳᠠᠯᠠᠵᠤ᠂ ᠨᠢᠭᠡ ᠶᠢ ᠲᠠᠯᠪᠢᠬᠤ ᠠᠴᠠ ᠪᠢᠰᠢ ᠬᠠᠮᠢᠶᠠᠷᠬᠤ ᠦᠭᠡᠢ ᠪᠠᠶᠢᠬᠤ ᠵᠡᠷᠭᠡ ᠠᠰᠠᠭᠤᠳᠠᠯ ᠢ ᠡᠷᠡᠰ | ᠬᠤᠷᠢᠭᠯᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠥᠪ ᠴᠢᠩᠭ᠎ᠠ ᠴᠢᠨᠠᠷ᠂ ᠵᠢᠷᠤᠮᠵᠢᠯᠳᠤ ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ | ᠬᠠᠮᠠᠭᠠᠯᠠᠬᠤ ᠬᠡᠷᠡᠭᠲᠡᠢ᠃ ᠡᠷᠬᠡ ᠶᠢ ᠳᠣᠷᠣᠭᠰᠢ ᠪᠠᠭᠤᠯᠭᠠᠭᠰᠠᠨ ᠡᠯ᠎ᠡ ᠰᠠᠯᠠᠭ᠎ᠠ ᠮᠥᠴᠢᠷ ᠤᠳ ᠡᠷᠬᠡ ᠶᠢ ᠳᠣᠷᠣᠭᠰᠢ ᠪᠠᠭᠤᠯᠭᠠᠭᠰᠠᠨ ᠵᠦᠢᠯᠡᠰ ᠢ ᠵᠢᠯᠣᠭᠤᠳᠤᠨ | ᠬᠦᠯᠢᠶᠡᠨ ᠠᠪᠬᠤ᠂ ᠠᠵᠢᠯᠯᠠᠭᠠᠨ ᠢ ᠪᠠᠲᠤᠯᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠮᠥᠷᠳᠡᠨ ᠦᠨᠡᠯᠡᠬᠦ ᠪᠠ | ᠬᠠᠷᠢᠭᠤ ᠰᠤᠷᠪᠤᠯᠵᠢᠯᠠᠬᠤ ᠪᠠᠶᠢᠴᠠᠭᠠᠨ ᠰᠤᠳᠤᠯᠤᠯᠲᠠ ᠶᠢ ᠦᠷᠭᠦᠯᠵᠢᠯᠡᠨ ᠥᠷᠨᠢᠭᠦᠯᠵᠦ᠂ ᠬᠠᠭᠠᠰ ᠵᠢᠯ ᠪᠤᠶᠤ 1 ᠵᠢᠯ ᠳᠤ ᠨᠢᠭᠡ ᠤᠳᠠᠭ᠎ᠠ ︽ᠡᠷᠭᠢᠨ ᠬᠠᠷᠠᠬᠤ︾ ᠶᠢ | ᠵᠣᠬᠢᠶᠠᠨ ᠪᠠᠶᠢᠭᠤᠯᠵᠤ᠂ ᠡᠯ᠎ᠡ ᠭᠠᠵᠠᠷ ᠣᠷᠣᠨ ᠤ ᠳᠠᠭᠠᠭᠠᠨ ᠠᠪᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠵᠤ᠂ | ᠳᠠᠭᠠᠭᠠᠨ ᠠᠪᠬᠤ ᠰᠠᠯᠠᠭ᠎ᠠ ᠮᠥᠴᠢᠷ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ︔ ᠳᠠᠭᠠᠭᠠᠨ ᠠᠪᠤᠭᠰᠠᠨ ᠦᠷ᠎ᠡ ᠪᠦᠲᠦᠮᠵᠢ ᠪᠠᠷ ᠠᠨᠠᠢ ᠵᠦᠢᠯᠡᠰ ᠢ | ᠣᠯᠵᠤ ᠮᠡᠳᠡᠪᠡᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠮᠠᠭᠠᠳᠯᠠᠵᠤ᠂ ᠦᠨᠡᠨᠬᠦ ᠳᠡᠭᠡᠭᠰᠢ ᠬᠤᠷᠢᠶᠠᠬᠤ ᠴᠢᠬᠤᠯᠠ ᠲᠠᠢ ᠪᠣᠯ ᠬᠤᠲᠠ ᠶᠢᠨ | ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | ᠳᠠᠭᠠᠯᠳᠤᠭᠤᠯᠤᠯ᠄ 1. ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠦᠯᠡᠳᠡᠭᠡᠬᠦ ᠵᠦᠢᠯᠡᠰ ᠤᠨ ᠭᠠᠷᠴᠠᠭ ︵2024 ᠬᠡᠪᠯᠡᠯ︶ | ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠦᠴᠦᠨ ᠦᠭᠡᠢ ᠪᠣᠯᠭᠠᠬᠤ ᠵᠦᠢᠯᠡᠰ ᠤᠨ ᠭᠠᠷᠴᠠᠭ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 10 ᠰᠠᠷ᠎ᠠ ᠶᠢᠨ 18 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ |