| | | | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ | ᠳᠥᠷᠪᠡᠳᠦᠭᠡᠷ ᠬᠤᠷᠠᠯᠳᠤᠭᠠᠨ ᠤ ᠤᠯᠤᠰ ᠲᠦᠷᠦ ᠶᠢᠨ ᠰᠢᠢᠳᠪᠦᠷᠢ | ︵2025 ᠣᠨ ᠤ 1 ᠰᠠᠷ᠎ᠠ ᠶᠢᠨ 17 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠭᠠᠷᠢᠨ ᠪᠠᠷᠠᠭᠤᠨ ᠬᠤᠰᠢᠭᠤᠨ ᠤ | ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠠᠴᠠ ᠪᠠᠲᠤᠯᠠᠪᠠ ︶ | | | | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠭᠠᠷᠢᠨ ᠪᠠᠷᠠᠭᠤᠨ ᠬᠤᠰᠢᠭᠤᠨ ᠤ | ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠨᠢ 2025 ᠣᠨ ᠤ 1 ᠰᠠᠷ᠎ᠠ ᠶᠢᠨ 15 ᠤ ᠡᠳᠦᠷ ᠠᠴᠠ 1 ᠰᠠᠷ᠎ᠠ ᠶᠢᠨ 17 ᠤ ᠡᠳᠦᠷ ᠪᠣᠯᠲᠠᠯ᠎ᠠ ᠳ᠋ᠠᠪᠠᠨ ᠳᠤ | ᠬᠤᠷᠠᠯᠳᠤᠪᠠ᠃ | ᠡᠨᠡ ᠤᠳᠠᠭᠠᠨ ᠤ ᠬᠤᠷᠠᠯᠳᠤᠭᠠᠨ ᠪᠣᠯ ᠪᠦᠭᠦ ᠬᠤᠰᠢᠭᠤᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠣᠣᠱᠯᠠᠭᠤᠯᠵᠣ᠂ | ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠠᠢᠮᠠᠳᠤᠭᠠᠷ ᠪᠦᠭᠦᠳᠡ ᠬᠤᠷᠠᠯ ᠵᠢᠴᠢ ᠪᠦᠭᠦ ᠬᠤᠰᠢᠭᠤᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠶᠤᠮ᠃ | ᠬᠤᠷᠠᠯ ᠤᠨ ᠬᠤᠭᠤᠴᠠᠭᠠᠨ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠵᠢᠶᠠᠩ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠣᠷᠣᠯᠠᠭᠴᠢ ᠬᠤᠰᠢᠭᠤᠨ ᠳᠠᠷᠤᠭ᠎ᠠ ᠲᠢᠶᠠᠨ ᠶᠦᠩ ᠰᠢᠶᠠᠩ ᠵᠡᠷᠭᠡ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠶᠡᠭᠡ ᠬᠤᠷᠠᠯ ᠤᠨ ᠶᠠᠷᠢᠶ᠎ᠠ ᠶᠢ | ᠰᠤᠨᠤᠰᠤᠨ᠂ ᠳᠤᠭᠤᠶᠢᠯᠠᠩ ᠬᠤᠪᠢᠶᠠᠨ ᠶᠠᠷᠢᠯᠴᠠᠬᠤ ᠳᠤ ᠤᠷᠤᠯᠴᠠᠵᠤ᠂ ᠭᠡᠰᠢᠭᠦᠳ ᠲᠠᠢ ᠬᠠᠮᠲᠤ ᠪᠠᠷ ᠬᠦᠭᠵᠢᠯᠲᠡ ᠶᠢᠨ ᠶᠡᠭᠡ ᠪᠣᠳᠣᠯᠭ᠎ᠠ ᠶᠢ ᠵᠦᠪᠳᠡᠯᠴᠡᠨ᠂ | ᠪᠣᠳᠠᠲᠠᠢ ᠳᠤ ᠨᠡᠶᠢᠴᠡᠭᠰᠡᠨ ᠠᠷᠭ᠎ᠠ ᠪᠣᠳᠣᠯᠭ᠎ᠠ ᠰᠦᠪᠡᠭᠴᠢᠯᠡᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠯᠤᠰ ᠲᠥᠷᠥ ᠶᠢᠨ ᠵᠥᠪᠯᠡᠯᠭᠡᠨ ᠤ | ᠠᠵᠢᠯ ᠢ ᠴᠢᠬᠤᠯᠠᠴᠢᠯᠠᠨ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠣᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠦᠪᠯᠡᠯᠭᠡ ᠬᠢᠵᠦ ᠵᠠᠰᠠᠭ ᠤᠨ | ᠶᠠᠪᠤᠳᠠᠯ ᠢ ᠵᠥᠪᠯᠡᠬᠦ ᠬᠠᠯᠠᠭᠤᠨ ᠰᠡᠳᠬᠢᠯᠭᠡ ᠶᠢ ᠮᠠᠰᠢᠲᠠ ᠶᠡᠭᠡ ᠳᠠᠶᠢᠴᠢᠯᠠᠨ ᠵᠤᠷᠢᠭᠵᠢᠭᠤᠯᠣᠭᠰᠠᠨ ᠪᠠᠶᠢᠨ᠎ᠠ᠃ ᠬᠤᠷᠠᠯ ᠠᠴᠠ ᠰᠠᠷᠠᠭᠤᠯ ᠨᠦᠬᠦᠷ ᠤᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠦ | ᠬᠢᠭᠰᠡᠨ ᠠᠵᠢᠯ ᠤᠨ ᠢᠯᠡᠳᠬᠡᠯ ᠢ ᠬᠢᠨᠠᠨ ᠵᠥᠪᠯᠡᠵᠦ ᠵᠦᠪᠰᠢᠶᠡᠷᠡᠨ᠂ ᠦ᠋ ᠶᠦᠩ ᠰᠢᠶᠠᠩ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ | ᠬᠤᠭᠤᠴᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ | ᠮᠡᠳᠡᠭᠦᠯᠦᠯᠲᠡ ᠶᠢ ᠬᠢᠨᠠᠨ ᠵᠦᠪᠯᠡᠨ ᠵᠥᠪᠰᠢᠶᠡᠷᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ | ᠲᠡᠷᠢᠭᠦᠯᠡᠭᠴᠢ1 ᠨᠡᠷ᠎ᠠ᠂ ᠨᠠᠷᠢᠨ ᠪᠢᠴᠢᠭ ᠤᠨ ᠳᠠᠷᠤᠭ᠎ᠠ1 ᠨᠡᠷ᠎ᠠ ᠪᠠ ᠪᠠᠶᠢᠩᠭᠤ ᠶᠢᠨ ᠭᠡᠰᠢᠭᠦᠨ 1 ᠨᠡᠷ᠎ᠡ ᠲᠤᠰ ᠲᠤᠰ ᠰᠣᠩᠭᠤᠨ ᠭᠠᠷᠭᠠᠪᠠ᠃ ᠬᠤᠷᠠᠯ ᠳᠤ | ᠣᠷᠣᠯᠴᠠᠭᠰᠠᠨ ᠭᠡᠰᠢᠭᠦᠳ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠳᠤ ᠰᠤᠯᠠ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠰᠢᠭᠤᠨ ᠤ ᠠᠷᠠᠳ ᠤᠨ ᠰᠢᠭᠦᠬᠦ | ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠪᠤᠰᠤᠳ ᠬᠤᠯᠪᠣᠭᠳᠠᠯ ᠪᠦᠬᠦᠢ ᠠᠵᠢᠯ ᠤᠨ ᠮᠡᠳᠡᠭᠦᠯᠦᠯᠲᠡ ᠶᠢ ᠰᠤᠨᠤᠰᠤᠨ ᠵᠦᠪᠯᠡᠯᠭᠡ ᠬᠢᠵᠦ | ᠶᠠᠷᠢᠯᠴᠠᠪᠠ᠃ ᠭᠡᠰᠢᠭᠦᠳ ᠳᠡᠭᠡᠷᠡᠬᠢ ᠮᠡᠳᠡᠭᠦᠯᠦᠯᠲᠡ ᠶᠢ ᠵᠥᠪᠰᠢᠶᠡᠷᠡᠵᠦ ᠪᠠᠶᠢᠬᠤ ᠪᠠᠨ ᠢᠯᠡᠳᠬᠡᠬᠦ ᠶᠢᠨ ᠬᠠᠮᠲᠤ ᠳᠡᠭᠡᠳᠦ ᠬᠡᠮᠵᠢᠶ᠎ᠡ ᠪᠠᠷ ᠦᠨᠡᠯᠡᠯᠲᠡ ᠦᠭᠭᠦᠭᠰᠡᠨ | ᠪᠠᠶᠢᠨ᠎ᠠ᠃ ᠬᠤᠷᠠᠯ ᠨᠢ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠲᠡᠭᠦᠰ ᠠᠮᠵᠢᠯᠲᠠ ᠲᠠᠢ ᠶᠠᠪᠤᠭᠳᠠᠨ᠂ ᠲᠤᠭ ᠢᠶᠠᠨ ᠥᠨᠳᠥᠷ ᠮᠠᠨᠳᠤᠭᠤᠯᠵᠦ᠂ | ᠨᠠᠶᠢᠳᠠᠯᠭ᠎ᠠ ᠶᠢ ᠪᠠᠲᠤ ᠴᠡᠭᠡᠵᠢᠯᠡᠭᠰᠡᠨ ᠪᠠ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠤᠯᠤᠭᠰᠠᠨ ᠮᠦᠷᠲᠡᠭᠡᠨ ᠬᠥᠮᠥᠰ ᠤᠨ ᠰᠡᠳᠬᠢᠯ ᠢ ᠨᠢᠭᠲᠠᠷᠠᠭᠤᠯᠵᠦ᠂ ᠡᠷᠴᠢ | ᠵᠣᠷᠢᠭ ᠢ ᠬᠦᠪᠴᠢᠯᠡᠭᠰᠡᠨ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠤᠯᠵᠦ ᠴᠢᠳᠠᠭᠰᠠᠨ ᠪᠠᠶᠢᠨ᠎ᠠ᠃ | ᠬᠤᠷᠠᠯ ᠠᠴᠠ ᠦᠵᠡᠭᠰᠡᠨ ᠨᠢ᠂ 2024 ᠣᠨ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠬᠦ ᠶᠢ ᠢᠮᠠᠭᠲᠠ ᠪᠠᠷᠢᠮᠲᠠᠯᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ ᠨᠡᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠳᠥᠪᠯᠡᠷᠡᠭᠦᠯᠦᠨ᠂ ᠦᠵᠡᠯ | ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠭᠦᠨᠵᠡᠭᠡᠢ ᠵᠦᠪᠯᠡᠯᠭᠡ ᠬᠢᠵᠦ ᠵᠠᠰᠠᠭ ᠤᠨ ᠶᠠᠪᠤᠳᠠᠯ ᠢ ᠵᠦᠪᠯᠡᠨ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠨᠢᠭᠲᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ᠂ ᠶᠡᠭᠡ ᠲᠠᠯ᠎ᠠ ᠳᠤ | ᠦᠢᠯᠡᠴᠢᠯᠡᠬᠦ᠂ ᠠᠷᠠᠳ ᠤᠨ ᠠᠮᠢᠳᠤᠷᠠᠯ ᠢ ᠠᠩᠬᠠᠷᠬᠤ ᠲᠠᠯ᠎ᠠ ᠪᠠᠷ ᠢᠳᠡᠪᠬᠢᠲᠠᠢ ᠠᠵᠢᠯᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠠᠪᠠᠭᠤᠯᠢᠭ ᠪᠣᠯᠣᠨ | ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠭᠡᠯ ᠤᠨ ᠵᠢᠯ | ᠪᠣᠯᠬᠤ ᠪᠥᠭᠡᠳ ᠪᠠᠭᠠᠷᠢᠨ ᠪᠠᠷᠠᠭᠤᠨ ᠬᠤᠰᠢᠭᠤᠨ ᠤ ᠬᠥᠭᠵᠢᠯᠲᠡ ᠶᠢᠨ ᠰᠢᠨ᠎ᠡ ᠠᠶᠠᠨ ᠵᠠᠮ ᠳᠤ ᠯᠠᠪᠳᠠᠭᠤᠨ ᠪᠠᠲᠤᠲᠠᠶ ᠠᠯᠬᠤᠬᠤ ᠵᠠᠩᠭᠢᠯᠠᠭ᠎ᠠ ᠶᠢᠨ ᠵᠢᠯ ᠪᠣᠯᠤᠨ᠎ᠠ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠤᠷᠤᠯᠴᠠᠭᠴᠢ ᠨᠢᠭᠡᠴᠡ ᠪᠣᠯᠤᠨ ᠥᠷᠭᠡᠨ ᠣᠯᠠᠨ ᠤᠯᠤᠰ ᠲᠥᠷᠥ | ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ | ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ | ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠪᠠᠷ ᠭᠤᠤᠯ ᠱᠤᠭᠤᠮ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠠᠢᠮᠠᠳᠤᠭᠠᠷ ᠪᠥᠬᠦᠳᠡ ᠬᠤᠷᠠᠯ ᠵᠢᠴᠢ | ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠬᠠᠶ ᠵᠥᠪᠯᠡᠬᠦ | ᠪᠠᠶᠢᠭᠤᠯᠤᠮᠵᠢ ᠶᠢᠨ ᠦᠶᠯᠡᠳᠦᠯ ᠪᠣᠯᠤᠨ ︽ᠭᠤᠷᠪᠠᠨ ᠴᠢᠬᠤᠯᠠ︾ ᠳᠠᠪᠠᠭᠤᠯᠢᠭ ᠢ ᠨᠠᠩ ᠰᠠᠶᠢᠲᠤᠷ ᠪᠠᠳᠠᠷᠠᠭᠤᠯᠵᠤ᠂ ᠴᠤᠭ ᠪᠠᠳᠠᠷᠠᠩᠭᠤᠶ ᠥᠭᠡᠳᠡᠯᠡᠨ ᠳᠠᠪᠰᠢᠭᠰᠠᠨ | ᠣᠶᠤᠨ ᠰᠠᠨᠠᠭᠠᠨ ᠤ ᠪᠠᠶᠢᠳᠠᠯ ᠪᠣᠯᠤᠨ ᠪᠦᠯᠬᠦᠮᠳᠡᠨ ᠳᠡᠮᠡᠴᠡᠵᠦ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤᠨ ᠤ | ᠣᠳᠣᠬᠢᠴᠢᠯᠠᠯᠲᠠ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠨᠠᠩ ᠶᠡᠭᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠠᠩ ᠶᠡᠭᠡ ᠬᠦᠴᠦᠷᠬᠡᠭ | ᠬᠦᠴᠦᠨ ᠢ ᠬᠤᠷᠠᠮᠳᠤᠭᠤᠯᠬᠤ ᠬᠡᠷᠡᠭᠳᠠᠢ᠃ | ᠬᠤᠷᠠᠯ ᠠᠴᠠ ᠤᠷᠢᠶᠠᠯᠠᠬᠰᠠᠨ ᠨᠢ᠂ ᠪᠦᠬᠦ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠡ ᠪᠣᠯᠤᠨ ᠥᠷᠭᠡᠨ ᠤᠯᠠᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠨᠢᠭᠲᠠᠷᠠᠨ | ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠡᠷᠡᠰ ᠪᠠᠲᠤ ᠢᠲᠡᠭᠡᠯ ᠵᠣᠷᠢᠭ ᠪᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠶᠡᠭᠡ ᠲᠠᠯ᠎ᠠ ᠳᠤ | ᠪᠡᠶᠡᠴᠢᠯᠡᠨ ᠣᠷᠣᠯᠴᠠᠵᠤ᠂ ᠮᠥᠷᠥ ᠵᠡᠷᠭᠡᠴᠡᠨ ᠳᠠᠮᠠᠤᠯᠡᠨ ᠤᠷᠤᠭᠰᠢᠯᠠᠵᠤ᠂ ᠬᠠᠮᠲᠤ ᠶᠢᠨ ᠬᠥᠭᠵᠢᠮ ᠢ ᠬᠦᠭᠵᠢᠮᠳᠡᠨ᠂ ᠪᠦᠳᠦᠮᠵᠢᠲᠠᠢ ᠠᠷᠭ᠎ᠠ ᠤᠬᠠᠭᠠᠨ ᠭᠠᠷᠭᠠᠵᠤ᠂ | ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠭᠯᠠᠨ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠶ᠎ᠡ︕ |