2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠠᠭᠠᠷᠢᠨ ᠪᠠᠷᠠᠭᠤᠨ ᠬᠤᠰᠢᠭᠤᠨ ᠤ ᠬᠤᠳᠠ ᠲᠤᠭᠤᠷᠢᠭ ᠤᠨ ᠪᠣᠯᠪᠠᠰᠤᠨ ᠳᠠᠬᠢᠯᠭ᠎ᠠ ᠶᠢᠨ ᠲᠣᠭᠲᠠᠭᠰᠠᠨ ᠴᠡᠭ ᠤᠨ ᠳᠠᠬᠢᠯᠭ᠎ᠠ ᠶᠢᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2025/1/23
ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠡ᠄       ᠴᠠᠭᠠᠨ ᠰᠠᠷ᠎ᠠ ᠪᠣᠯ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠦᠪᠡᠳᠡᠭᠰᠢ ᠶᠡᠭᠡ ᠤᠯᠠᠮᠵᠢᠯᠠᠯᠲᠤ ᠪᠠᠶᠠᠷ ᠤᠨ ᠡᠳᠦᠷ ᠮᠥᠨ᠂ ᠡᠪᠦᠭᠡ ᠳᠡᠭᠡᠳᠦᠰ ᠢᠶᠠᠨ ᠳᠠᠬᠢᠬᠤ᠂ ᠬᠠᠭᠤᠴᠢᠨ ᠨᠠᠶᠢᠵᠠ ᠪᠠᠨ ᠳᠤᠷᠠᠰᠤᠨ ᠰᠠᠨᠠᠭᠠᠯᠵᠠᠬᠤ ᠪᠣᠯ ᠴᠠᠭᠠᠨ ᠰᠠᠷ᠎ᠠ ᠶᠢᠨ ᠬᠤᠭᠤᠴᠠᠭᠠᠨ ᠤ ᠴᠢᠬᠤᠯᠠ ᠤᠯᠠᠮᠵᠢᠯᠠᠯᠲᠤ ᠵᠠᠩ ᠳᠠᠳᠬᠠᠯ ᠮᠥᠨ᠃ ᠬᠤᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠢᠢᠳᠬᠡᠨ ᠲᠣᠷᠭᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠣᠳᠣ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠣᠯᠪᠠᠰᠤᠨ ᠲᠠᠬᠢᠯᠭ᠎ᠠ ᠶᠢᠨ ᠲᠣᠭᠲᠠᠭᠰᠠᠨ ᠴᠡᠭ  ᠤᠨ ᠲᠠᠬᠢᠯᠭ᠎ᠠ ᠶᠢᠨ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ᠂ ᠭᠡᠷ ᠤᠨ ᠭᠠᠳᠠᠨᠠᠬᠢ ᠣᠯᠠᠨ ᠨᠡᠶᠢᠲᠡ ᠶᠢᠨ ᠣᠷᠣᠨ ᠪᠦᠰᠡ᠂ ᠬᠤᠲᠠ ᠶᠢᠨ ᠵᠠᠮ᠂ ᠠᠭᠤᠳᠠᠮ ᠲᠠᠯᠠᠪᠠᠶ ᠵᠡᠷᠭᠡ ᠣᠯᠠᠨ ᠨᠡᠶᠢᠲᠡ ᠶᠢᠨ ᠭᠠᠵᠠᠷ ᠲᠠᠯᠠᠪᠤᠷ ᠳᠡᠯᠭᠡᠨ ᠬᠤᠳᠠᠯᠳᠤᠬᠤ ᠴᠡᠭ ᠭᠠᠷᠭᠠᠬᠤ᠂ ᠲᠠᠬᠢᠯᠭ᠎ᠠ ᠶᠢᠨ ᠡᠳ᠋ ᠪᠠᠷᠠᠭ᠎ᠠ ᠣᠪᠣᠭᠠᠯᠠᠵᠤ ᠬᠤᠳᠠᠯᠳᠤᠬᠤ ᠶᠢ ᠴᠢᠩᠭ᠎ᠠ ᠴᠠᠭᠠᠵᠠᠯᠠᠨ᠎ᠠ᠃       ᠬᠤᠶᠠᠷ᠂ ᠪᠠᠭᠠᠷᠢᠨ ᠵᠠᠮ᠂ ᠬᠠᠨ ᠠᠭᠤᠯᠠ ᠵᠠᠮ᠂ ᠪᠠᠶᠠᠨᠬᠠᠨ ᠵᠠᠮ᠂ ᠰᠤᠪᠤᠷᠭ᠎ᠠ ᠵᠡᠭᠡᠯᠢ᠂ ᠴᠠᠭᠠᠨᠮᠥ᠋ᠷᠡᠨ ᠵᠡᠭᠡᠯᠢ᠂ ᠳ᠋ᠠᠪᠠᠨ ᠵᠡᠭᠡᠯᠢ᠂ ᠡᠮᠦᠨ᠎ᠡ ᠵᠠᠬ᠎ᠠ ᠵᠡᠭᠡᠯᠢ᠂  ᠴᠡᠴᠡᠷᠯᠢᠭ ᠵᠡᠭᠡᠯᠢ ᠵᠡᠷᠭᠡ ᠭᠤᠣᠯ ᠵᠠᠮ ᠳᠡᠭᠡᠷ᠎ᠡ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃       ᠭᠤᠷᠪᠠ᠂ ᠣᠯᠠᠨ ᠲᠦᠮᠡᠨ ᠤ ᠲᠠᠬᠢᠯᠭ᠎ᠠ ᠶᠢᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠬᠤᠲᠠ ᠶᠢᠨ ᠲᠣᠭᠤᠷᠢᠭ ᠲᠤ 6 ᠲᠠᠬᠢᠯᠭ᠎ᠠ ᠶᠢᠨ ᠴᠡᠭ 12 ᠰᠢᠲᠠᠭᠠᠬᠤ ᠵᠤᠤᠬ᠎ᠠ ᠲᠠᠢ᠂ ᠪᠤᠰᠤᠳ ᠵᠡᠭᠡᠯᠢ ᠭᠤᠳᠤᠮᠵᠢ ᠪᠣᠯ ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠶᠢᠨ ᠣᠷᠣᠨ ᠪᠣᠯᠤᠨ᠎ᠠ᠃ ᠲᠠᠬᠢᠯᠭ᠎ᠠ ᠶᠢᠨ ᠪᠠᠶᠠᠷ ᠪᠣᠯᠬᠤ ᠠᠴᠠ ᠡᠮᠦᠨ᠎ᠡ ᠲᠣᠭᠲᠠᠭᠰᠠᠨ ᠭᠠᠵᠠᠷ ᠲᠤ ᠲᠠᠬᠢᠯᠭ᠎ᠠ ᠬᠢᠨ᠎ᠡ᠃       ᠳᠥᠷᠪᠡ᠂ ᠴᠠᠭᠠᠨ ᠰᠠᠷ᠎ᠠ ᠶᠢᠨ ᠲᠠᠬᠢᠯᠭ᠎ᠠ ᠶᠢᠨ ᠬᠤᠭᠤᠴᠠᠭᠠᠨ ᠳᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠮᠬᠢ ᠵᠢᠷᠤᠮ ᠲᠠᠢ ᠬᠠᠮᠢᠶᠠᠷᠴᠤ᠂ ᠬᠥᠲᠥᠯᠦᠨ ᠵᠢᠯᠣᠭᠤᠳᠤᠨ᠎ᠠ᠃       ᠥᠷᠭᠡᠨ ᠤᠯᠠᠨ ᠬᠤᠳᠠ ᠶᠢᠨ ᠠᠷᠠᠳ ᠳᠡᠮᠵᠢᠨ ᠬᠠᠮᠵᠢᠯᠴᠠᠵᠤ᠂ ᠮᠠᠨ ᠤ ᠠᠮᠢᠳᠤᠷᠠᠯ ᠤᠨ ᠣᠷᠴᠢᠨ ᠲᠣᠭᠤᠷᠢᠨ ᠪᠣᠯᠤᠨ ᠭᠡᠷ ᠣᠷᠣᠨ ᠢᠶᠠᠨ ᠬᠠᠮᠲᠤ ᠪᠠᠷ ᠬᠠᠮᠠᠭᠠᠯᠠᠬᠤ ᠬᠡᠷᠡᠭᠲᠡᠢ᠃               ᠪᠠᠭᠠᠷᠢᠨ ᠪᠠᠷᠠᠭᠤᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ               ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ                                                    2025 ᠣᠨ ᠤ 1 ᠰᠠᠷ᠎ᠠ ᠶᠢᠨ 22᠎ ᠤᠨ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ