| | | | ᠴᠠᠭᠠᠨ ᠰᠠᠷ᠎ᠠ ᠣᠶᠢᠷᠠᠲᠤᠵᠤ᠂ ᠪᠠᠯᠭᠠᠰᠤᠨ ᠤ ᠲᠡᠷᠭᠡ ᠣᠯᠠᠰᠢᠷᠠᠪᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ᠂ ᠬᠤᠳᠠᠯᠳᠤᠭᠠᠨ ᠤ ᠲᠣᠭᠤᠷᠢᠭ ᠤᠨ ᠬᠡᠲᠦ ᠳᠡᠯᠭᠡᠭᠦᠷ᠂ ᠬᠤᠳᠠᠯᠳᠤᠭᠠᠨ ᠤ ᠠᠭᠤᠳᠠᠮ ᠲᠠᠯᠠᠪᠠᠶ ᠵᠡᠷᠭᠡ ᠨᠢ ᠭᠠᠳᠠᠭᠰᠢ ᠭᠠᠷᠬᠤ ᠪᠠ ᠬᠤᠳᠠᠯᠳᠤᠨ ᠠᠪᠬᠤ | ᠬᠠᠯᠠᠭᠤᠨ ᠥᠷᠨᠢᠯᠲᠡ ᠶᠢ ᠪᠣᠶ ᠪᠣᠯᠭᠠᠨ᠎ᠠ᠂ ᠵᠢᠱᠢᠯᠲᠡ ᠪᠠᠷ ᠴᠠᠭᠠᠨ ᠰᠠᠷ᠎ᠠ ᠶᠢᠨ ᠬᠤᠭᠤᠴᠠᠭᠠᠨ ᠳᠤ᠄ | 1. ᠪᠠᠭᠠᠷᠢᠨ ᠵᠠᠮ ︵ᠸᠧᠢ ᠳ᠋ᠥᠸᠧ ᠯᠢ ᠴᠠᠭ ᠦᠶ᠎ᠡ ᠶᠢᠨ ᠬᠤᠲᠠ︶ | 2. ᠳ᠋ᠠᠪᠠᠨ ᠵᠡᠭᠡᠯᠢ ︵ᠠᠷᠠᠯᠵᠢᠶ᠎ᠠ ᠬᠤᠳᠠᠯᠳᠤᠭᠠᠨ ᠤ ᠲᠥᠪ ᠤᠨ ᠡᠮᠦᠨ᠎ᠡ ᠡᠭᠦᠳᠡ︶ | 3. ᠳ᠋ᠠᠪᠠᠨ ᠵᠡᠭᠡᠯᠢ ᠶᠢᠨ ᠪᠠᠷᠠᠭᠤᠨ ᠬᠡᠰᠡᠭ ︵ᠬᠤᠩ ᠳ᠋ᠠ ᠶᠡᠷᠦᠩᠬᠡᠢ ᠵᠠᠬ᠎ᠠ ᠳᠡᠯᠭᠡᠭᠦᠷ ᠤᠨ ᠬᠤᠶᠢᠲᠤ ᠡᠭᠦᠳᠡ︶ ᠴᠠᠭᠠᠨᠮᠥ᠋ᠷᠡᠨ ᠵᠡᠭᠡᠯᠢ ︵ᠠᠷᠠᠯᠵᠢᠶ᠎ᠠ | ᠬᠤᠳᠠᠯᠳᠤᠭᠠᠨ ᠤ ᠲᠥᠪ ᠤᠨ ᠬᠤᠶᠢᠲᠤ ᠡᠭᠦᠳᠡ︶ | 4. ᠴᠠᠭᠠᠨᠮᠥ᠋ᠷᠡᠨ ᠵᠡᠭᠡᠯᠢ ᠶᠢᠨ ᠵᠡᠭᠦᠨ ᠬᠡᠰᠡᠭ ︵ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ︶ | 5. ᠬᠠᠨ ᠠᠭᠤᠯᠠ ᠵᠠᠮ ︵ᠱᠠᠨᠳᠦ᠋ᠩ ᠪᠢᠴᠢᠭ ᠤᠨ ᠬᠡᠷᠡᠭᠰᠡᠯ ᠤᠨ ᠬᠤᠷᠰᠢᠶ᠎ᠡ ︶ | ᠦᠳᠡ ᠶᠢᠨ ᠡᠮᠦᠨ᠎ᠡ 9᠄ 00—11᠄ 30᠂ ᠦᠳᠡ ᠠᠴᠠ ᠬᠤᠶᠢᠨ᠎ᠠ 14᠄ 30—18᠄ 00 ᠴᠠᠭ ᠲᠤ ᠣᠬᠤᠷ ᠬᠤᠭᠤᠴᠠᠭᠠᠨ ᠤ ᠲᠡᠷᠭᠡᠨ | ᠤᠷᠤᠰᠬᠠᠯ ᠤᠨ ᠣᠷᠭᠢᠯ ᠪᠣᠯᠤᠨ᠎ᠠ᠃ | ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠡᠯ᠎ᠡ | ᠵᠢᠯᠣᠭᠤᠴᠢ ᠳᠤ ᠶᠠᠪᠤᠬᠤ ᠴᠠᠭ᠂ ᠵᠠᠮ ᠱᠤᠭᠤᠮ ᠪᠠ ᠵᠠᠮ ᠬᠠᠷᠢᠯᠴᠠᠭᠠᠨ ᠤ ᠠᠷᠭ᠎ᠠ ᠬᠡᠯᠪᠡᠷᠢ ᠶᠢ ᠤᠷᠢᠳᠴᠢᠯᠠᠨ ᠲᠥᠯᠥᠪᠵᠢᠭᠦᠯᠵᠦ᠂ ᠲᠡᠷᠭᠡ ᠬᠥᠰᠬᠡ ᠪᠠᠨ ᠡᠮᠬᠢ | ᠵᠢᠷᠤᠮ ᠲᠠᠢ ᠪᠠᠷ ᠵᠣᠭᠰᠣᠭᠠᠵᠤ᠂ ᠲᠦᠭᠵᠢᠷᠡᠯ ᠤᠨ ᠴᠠᠭ ᠪᠠ ᠲᠡᠷᠭᠡ ᠬᠥᠰᠬᠡ ᠲᠥᠪᠯᠡᠷᠡᠭᠰᠡᠨ ᠵᠠᠮ ᠱᠤᠭᠤᠮ ᠠᠴᠠ ᠠᠯᠢ ᠴᠢᠳᠠᠬᠤ ᠪᠠᠷ ᠵᠠᠶᠢᠯᠠᠵᠤ᠂ ᠬᠠᠮᠤᠭ ᠤᠨ | ᠰᠠᠶᠢᠨ ᠲᠦᠭᠵᠢᠷᠡᠯ ᠠᠴᠠ ᠵᠠᠶᠢᠯᠠᠬᠤ ᠵᠠᠮ ᠱᠤᠭᠤᠮ ᠢ ᠰᠣᠩᠭᠤᠭᠠᠷᠠᠶ ᠭᠡᠵᠦ ᠰᠠᠨᠠᠭᠤᠯᠵᠤ ᠪᠠᠶᠢᠨ᠎ᠠ᠃ |