2024 ᠣᠨ ᠤ 1 ᠰᠠᠷ᠎ᠠ ᠠᠴᠠ 12 ᠰᠠᠷ᠎ᠠ ᠶᠢᠨ ᠪᠠᠭᠠᠷᠢᠨ ᠪᠠᠷᠠᠭᠤᠨ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/1/23
        ᠤᠯᠠᠭᠠᠨᠬᠠᠳᠠ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠳᠤ ᠪᠠᠭᠠᠷᠢᠨ ᠪᠠᠷᠠᠭᠤᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 78.3 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 1.2%᠎ ᠢᠶᠠᠷ ᠨᠡᠮᠡᠭᠳᠡᠪᠡ᠃ ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 19.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 12.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6%᠎ ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 46.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.0%᠎ ᠪᠠᠷ ᠨᠡᠮᠡᠭᠳᠡᠪᠡ᠃       ᠨᠢᠭᠡ᠂ ᠲᠠᠷᠢᠶᠠᠯᠠᠩ ᠠᠵᠤ ᠠᠬᠤᠢ ᠶᠢᠨ ᠬᠥᠭᠵᠢᠯᠲᠡ ᠰᠠᠶᠢᠨ ᠪᠠᠶᠢᠨ᠎ᠠ       2024 ᠣᠨ ᠳᠤ᠂ ᠪᠠᠭᠠᠷᠢᠨ ᠪᠠᠷᠠᠭᠤᠨ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠶᠡᠷᠦᠩᠬᠡᠶ ᠦᠢᠯᠡᠳᠬᠦᠨ ᠤ ᠥᠷᠲᠡᠭ ᠨᠢ 32.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5%᠎ ᠪᠠᠷ ᠨᠡᠮᠡᠭᠳᠡᠪᠡ᠃ ᠪᠦᠬᠦ ᠬᠤᠰᠢᠭᠤᠨ ᠤ ᠠᠮᠤ ᠪᠤᠳᠠᠭᠠᠨ ᠤ ᠶᠡᠷᠦᠩᠬᠡᠢ ᠤᠨᠠᠯᠲᠠ 40.1 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 6.3%᠎ ᠪᠠᠷ ᠨᠡᠮᠡᠭᠳᠡᠪᠡ᠃ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 133.9 ᠲᠦᠮᠡᠨ ᠮᠥ ᠳᠤ ᠬᠦᠷᠴᠦ᠂ ᠳᠡᠭᠡᠷ᠎ᠡ ᠵᠢᠯ ᠤᠨ ᠬᠢ ᠠᠴᠠ 3.6 ᠲᠦᠮᠡᠨ ᠮᠥ ᠨᠡᠮᠡᠭᠳᠡᠪᠡ︔ ᠠᠮᠤ ᠪᠤᠳᠠᠭᠠᠨ ᠤ ᠲᠠᠷᠢᠮᠠᠯ ᠤᠨ ᠨᠢᠭᠡᠴᠢ ᠶᠢᠨ ᠤᠨᠠᠯᠲᠠ ᠮᠥ ᠪᠦᠷᠢ ᠳᠡᠭᠡᠨ 299.7 ᠺᠢᠯᠣᠭ᠍ᠷᠠᠮ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠷᠤᠭ 10 ᠺᠢᠯᠣᠭ᠍ᠷᠠᠮ ᠳᠡᠭᠡᠭᠰᠢᠯᠡᠵᠡᠶ᠃       ᠬᠤᠶᠠᠷ᠂ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ       2024 ᠣᠨ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3%᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠶ ᠥᠷᠲᠡᠭ 27.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7 %᠎ ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠦᠢᠯᠡᠳᠬᠦᠨ ᠤ ᠥᠷᠲᠡᠭ 2.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 82.1%᠎ ᠶᠢ ᠡᠵᠡᠯᠡᠵᠦ᠂ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ 3.7 ᠳ᠋ᠦᠩᠰᠢᠭᠤᠷ ᠲᠥᠭᠦᠷᠢᠭ ᠲᠤ ᠬᠦᠷᠴᠦ᠂ 13.8%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.5%᠎ ᠪᠠᠷ ᠨᠡᠮᠡᠭᠳᠡᠪᠡ︔ ᠴᠠᠬᠢᠯᠭᠠᠨ ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ 20.9 ᠳ᠋ᠦᠩᠰᠢᠭᠤᠷ ᠲᠥᠭᠦᠷᠢᠭ ᠲᠤ ᠬᠦᠷᠴᠦ᠂ 77.1%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 4.8%᠎ ᠪᠠᠷ ᠪᠠᠭᠤᠷᠠᠪᠠ᠃       ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠲᠡᠢ       2024 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 31.3%᠎ ᠪᠠᠷ ᠨᠡᠮᠡᠭᠳᠡᠪᠡ᠃ ᠡᠭᠦᠨ ᠳᠤ ᠲᠥᠷᠥᠯ ᠵᠦᠢᠯ ᠤᠨ ᠪᠡᠯᠡ ᠣᠷᠣᠭᠤᠯᠤᠯᠲᠠ 15.8 ᠬᠤᠪᠢ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 9.6%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 60.2%᠎ ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 49%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 51.9%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 41.4%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 9.3%᠎ ᠪᠠᠷ ᠨᠡᠮᠡᠭᠳᠡᠪᠡ᠃ ᠪᠦᠬᠦ ᠵᠢᠯ ᠳᠤ 78 ᠲᠦᠷᠦᠯ ᠵᠦᠢᠯ ᠪᠠᠷᠢᠯᠭ᠎ᠠ ᠳᠠᠭᠤᠰᠪᠠ᠃       ᠳᠥᠷᠪᠡ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠴᠢᠩᠭᠠᠷᠠᠪᠠ       2024 ᠣᠨ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 20.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 14.1 ᠳ᠋ᠦᠩᠰᠢᠭᠤᠷ ᠲᠥᠭᠦᠷᠢᠭ ᠲᠤ ᠬᠦᠷᠴᠦ᠂ 4.2%᠎ ᠢᠶᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6.5 ᠳ᠋ᠦᠩᠰᠢᠭᠤᠷ ᠲᠥᠭᠦᠷᠢᠭ ᠲᠤ ᠬᠦᠷᠴᠦ᠂ 4.5%᠎ ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠨᠢ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 18.1 ᠳ᠋ᠦᠩᠰᠢᠭᠤᠷ ᠲᠥᠭᠦᠷᠢᠭ ᠲᠤ ᠬᠦᠷᠴᠦ᠂ 4.4%᠎ ᠪᠠᠷ ᠨᠡᠮᠡᠭᠳᠡᠪᠡ ︔ ᠢᠳᠡᠭᠡᠨ ᠤᠮᠳᠠᠭᠠᠨ ᠤ ᠣᠷᠣᠯᠭ᠎ᠠ 2.5 ᠳ᠋ᠦᠩᠰᠢᠭᠤᠷ ᠲᠥᠭᠦᠷᠢᠭ ᠲᠤ ᠬᠦᠷᠴᠦ᠂ 3.5%᠎ ᠪᠠᠷ ᠨᠡᠮᠡᠭᠳᠡᠪᠡ᠃       ᠲᠠᠪᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠢᠯᠡᠳᠲᠡ ᠪᠠᠭᠠᠰᠪᠠ       2024 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.9%᠎ ᠪᠠᠷ ᠪᠠᠭᠤᠷᠠᠪᠠ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 2 ᠳ᠋ᠦᠩᠰᠢᠭᠤᠷ ᠲᠥᠭᠦᠷᠢᠭ ᠲᠤ ᠬᠦᠷᠴᠦ᠂ 22.3%᠎ ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 42.7%᠎ ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 2.7 ᠳ᠋ᠦᠩᠰᠢᠭᠤᠷ ᠲᠥᠭᠦᠷᠢᠭ ᠲᠤ ᠬᠦᠷᠴᠦ᠂ 34.7%᠎ ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 57.3%᠎ ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 34.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2%᠎ ᠢᠶᠠᠷ ᠨᠡᠮᠡᠭᠳᠡᠪᠡ᠃       ᠵᠢᠷᠭᠤᠭ᠎ᠠ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢ ᠦᠷᠭᠦᠯᠵᠢᠯᠡᠨ ᠨᠡᠮᠡᠭᠳᠡᠭᠦᠯᠪᠡ       12 ᠰᠠᠷ᠎ᠠ ᠶᠢᠨ ᠰᠡᠭᠦᠯᠴᠢ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 107.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5%᠎ ᠪᠠᠷ ᠨᠡᠮᠡᠭᠳᠡᠪᠡ᠃ ᠡᠭᠦᠨ ᠳᠤ ᠣᠷᠣᠰᠢᠨ ᠰᠠᠭᠤᠭᠴᠢ ᠶᠢᠨ ᠬᠠᠳᠠᠭᠠᠯᠠᠮᠵᠢ 93.9 ᠳ᠋ᠦᠩᠰᠢᠭᠤᠷ ᠲᠥᠭᠦᠷᠢᠭ  ᠳᠤ ᠬᠦᠷᠴᠦ  10.5% ᠨᠡᠮᠡᠭᠳᠡᠪᠡ᠃ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 120.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5%᠎ ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠠᠷᠠᠳ ᠤᠨ ᠵᠢᠭᠡᠯᠡᠯᠭᠡ ᠶᠢᠨ ᠦᠯᠡᠳᠡᠪᠦᠷᠢ 88.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.8% ᠨᠡᠮᠡᠭᠳᠡᠪᠡ᠃       ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ       2024 ᠣᠨ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28990 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8%᠎ ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37678 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5%᠎ ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17867 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9%᠎ ᠪᠠᠷ ᠨᠡᠮᠡᠭᠳᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ