ᠢᠷᠡᠬᠦ ᠵᠢᠯ ᠠᠴᠠ ᠪᠦᠬᠦᠯᠢ 63 ᠨᠠᠰᠤ ᠪᠤᠯᠳᠠᠯ᠎ᠠ ᠤᠷᠲᠤᠳᠬᠠᠬᠤ ᠪᠠᠷ ᠲᠥᠯᠥᠪᠯᠡᠵᠦ ᠪᠠᠶᠢᠨ᠎ᠠ︕
ᠨᠡᠶᠢᠲᠡᠯᠡᠭᠰᠡᠨ ᠴᠠᠭ᠄
2025/1/3
        ᠣᠶᠢᠷ᠎ᠠ ᠳᠤ ︽︿ᠮᠠᠰᠢᠨ ᠲᠡᠷᠭᠡ ᠵᠢᠯᠣᠭᠤᠳᠬᠤ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠣᠭᠲᠠᠭᠠᠯ﹀ ᠎ ᠳᠤ ᠵᠠᠰᠠᠪᠤᠷᠢ ᠣᠷᠣᠭᠤᠯᠬᠤ ᠲᠤᠬᠠᠶ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠯ ︵ᠰᠠᠨᠠᠯ ᠬᠤᠷᠢᠶᠠᠬᠤ ᠨᠤᠤᠷᠠᠭ︶︾᠎ ᠢ ᠨᠡᠶᠢᠲᠡᠯᠡᠪᠡ᠃ ︽ᠮᠠᠰᠢᠨ ᠲᠡᠷᠭᠡ ᠵᠢᠯᠣᠭᠤᠳᠬᠤ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 162 ᠳ᠋ᠤᠭᠠᠷ ᠲᠣᠭᠠᠲᠤ︶᠎ ᠳᠤ ᠨᠡᠶᠢᠲᠡ 111 ᠵᠦᠢᠯ ᠪᠣᠶ ᠂ ᠡᠨᠡ ᠤᠳᠠᠭ᠎ᠠ 5 ᠵᠦᠢᠯ ᠳᠤ ᠵᠠᠰᠠᠪᠤᠷᠢ ᠣᠷᠣᠭᠤᠯᠬᠤ ᠪᠠᠷ ᠲᠦᠯᠦᠪᠯᠡᠵᠦ ᠪᠣᠶ᠂ ᠭᠤᠤᠯᠳᠠᠭᠤ᠄ ᠨᠢᠭᠡ ᠳᠤ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠣᠮᠣ ᠳᠤᠮᠳᠠ ᠬᠡᠯᠪᠡᠷᠢ ᠶᠢᠨ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠨᠠᠰᠤᠨ ᠤ ᠲᠤᠬᠠᠢ ᠲᠣᠭᠲᠠᠭᠠᠯ ᠳᠤ ᠲᠣᠬᠢᠷᠠᠭᠤᠯᠤᠯᠲᠠ ᠬᠢᠨ᠎ᠡ᠃ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠣᠮᠣ ᠳᠤᠮᠳᠠ ᠬᠡᠯᠪᠡᠷᠢ ᠶᠢᠨ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠨᠠᠰᠤᠨ ᠤ ᠳᠡᠭᠡᠳᠦ ᠬᠢᠵᠠᠭᠠᠷ ᠢ ᠪᠦᠬᠦᠯᠢ 60 ᠨᠠᠰᠤ ᠪᠠᠶᠢᠭᠰᠠᠨ ᠠᠴᠠ ᠨᠢ ᠪᠦᠬᠦᠯᠢ 63 ᠨᠠᠰᠤ ᠪᠤᠯᠳᠠᠯ᠎ᠠ ᠤᠷᠲᠤᠳᠬᠠᠨ᠎ᠠ ᠭᠡᠪᠡ᠃ ᠡᠨᠡ ᠬᠦ ᠵᠦᠢᠯ ᠨᠢ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠳᠤ ᠪᠤᠢ᠃ 
ᠢᠷᠡᠯᠲᠡ᠄ ᠠᠷᠠᠳ ᠤᠨ ᠰᠦᠯᠵᠢᠶ᠎ᠡ