| | ᠬᠤᠰᠢᠭᠤᠨ ᠤ ᠨᠠᠮ ᠤᠨ ᠬᠤᠷᠢᠶ᠎ᠠ ᠶᠢᠨ ᠰᠤᠳᠤᠯᠤᠯᠲᠠ ᠪᠠᠷ ᠳᠡᠮᠵᠢᠨ᠂ ᠳᠣᠤᠷᠠᠬᠢ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ | ᠲᠣᠭᠲᠠᠪᠠ᠃ | ᠨᠢᠭᠡ᠂ ᠢᠯᠡ ᠨᠡᠶᠢᠲᠡᠯᠡᠬᠦ ᠨᠡᠷᠡᠰ | ᠵᠧᠤ ᠮᠢᠩ᠂ ᠡᠷᠡᠭᠲᠡᠶ᠂ ᠬᠢᠲᠠᠳ ᠦᠨᠳᠦᠰᠦᠲᠡᠨ᠂ 1980 ᠣᠨ ᠤ 9 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠯᠪᠠᠨ ᠬᠡᠷ ᠤᠨ ᠳᠡᠳ᠋ ᠡᠷᠬᠢᠯᠡᠭᠴᠢ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠬᠤᠰᠢᠭᠤᠨ ᠤ ᠵᠠᠰᠠᠭ ᠤᠨ | ᠣᠷᠳᠣᠨ ᠤ ᠰᠢᠭᠤᠳ ᠬᠠᠷᠢᠶ᠎ᠠ ᠵᠢᠩᠬᠢᠨᠢ ᠰᠠᠯᠠᠭᠠᠨ ᠤ ᠲᠠᠰ ᠤᠨ ᠠᠵᠢᠯ ᠦᠢᠯᠡᠰ ᠤᠨ ᠨᠢᠬᠡᠴᠠ ᠶᠢᠨ ᠵᠢᠩᠬᠢᠨᠢ ᠲᠤᠰᠢᠶᠠᠯ ᠢᠶᠠᠷ ᠨᠡᠷ᠎ᠡ ᠳᠤᠷᠠᠳᠬᠤ ᠪᠠᠷ ᠪᠠᠶᠢᠨ᠎ᠠ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2025 ᠣᠨ ᠤ 1 ᠰᠠᠷ᠎ᠠ ᠶᠢᠨ 6 ᠤ ᠡᠳᠦᠷ ᠠᠴᠠ 2025 ᠣᠨ ᠤ 1 ᠰᠠᠷ᠎ᠠ ᠶᠢᠨ 10 ᠤ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ | ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ | ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ | ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ | ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠢᠯᠡ ᠨᠡᠶᠢᠳᠡᠯᠡᠬᠦ ᠠᠯᠪᠠᠨ ᠭᠡᠷ ᠢ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ 511 ᠳᠠᠰᠤᠭ ᠲᠤ ᠳᠤᠬᠢᠷᠠᠭᠤᠯᠪᠠ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 - 11᠄ 30 | ᠦᠳᠡ ᠶᠢᠨ ᠬᠤᠶᠢᠨ᠎ᠠ 2᠄ 30 - 5᠄ 30 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵04776︶ 12380 | ᠣᠨᠴᠠᠭᠠᠶᠢᠯᠠᠨ ᠵᠠᠷᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ | 2025 ᠣᠨ ᠤ 1 ᠰᠠᠷ᠎ᠠ ᠶᠢᠨ 4 ᠤ ᠡᠳᠦᠷ |