| | | | ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ ᠬᠥᠭᠵᠢᠬᠦ ᠶᠢ ᠳᠠᠭᠠᠯᠳᠤᠨ᠂ ᠬᠠᠮᠢᠶ᠎ᠠ ᠪᠦᠬᠦᠢ ᠬᠡᠷᠡᠭᠯᠡᠯᠲᠡ ᠨᠢ ᠶᠠᠭ ᠪᠢᠳᠡᠨ ᠤ ᠠᠮᠢᠳᠤᠷᠠᠯ ᠤᠨ | ᠡᠯ᠎ᠡ ᠲᠠᠯ᠎ᠠ ᠳᠤ ᠣᠷᠣᠵᠤ ᠪᠤᠢ᠃ ᠭᠡᠲᠡᠯ᠎ᠡ ᠡᠨᠡ ᠨᠢ ᠪᠠᠰᠠ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠳᠤ ᠰᠢᠨ᠎ᠡ ᠥᠷᠢᠰᠥᠯᠳᠦᠭᠡᠨ ᠢ ᠠᠪᠴᠢᠷᠠᠭᠰᠠᠨ | ᠪᠠᠶᠢᠨ᠎ᠠ᠃ ᠵᠢᠱᠢᠶᠡᠯᠡᠪᠡᠯ ︽AI ᠵᠢᠰᠦ ᠴᠢᠷᠠᠢ ᠰᠣᠯᠢᠬᠤ︾ ᠮᠡᠷᠭᠡᠵᠢᠯ ᠨᠢ ᠵᠥᠪᠬᠡᠨ ᠬᠠᠷᠠᠯᠳᠠᠳᠤ ᠬᠥᠮᠦᠨ ᠤ ᠨᠢᠭᠡ ᠰᠢᠷᠭᠡᠭ ᠭᠡᠷᠡᠯ ᠵᠢᠷᠤᠭ ᠪᠠᠶᠢᠪᠠᠯ ᠳᠠᠷᠤᠶ ᠭᠡᠷᠡᠯ | ᠵᠢᠷᠤᠭ ᠤᠨ ᠳᠣᠲᠣᠷᠠᠬᠢ ᠬᠥᠮᠦᠨ ᠢ ᠬᠥᠳᠡᠯᠭᠡᠬᠡᠨ ᠲᠠᠢ ᠪᠤᠯᠭᠠᠵᠤ ᠲᠠᠶᠢᠯᠤᠨ᠎ᠠ᠃ ᠵᠠᠩ ᠪᠦᠸᠧ ᠲᠠᠨᠢᠯᠴᠠᠭᠤᠯᠤᠨ ᠬᠡᠯᠡᠬᠦ ᠳᠡᠭᠡᠨ᠂ ᠣᠲᠣ AI ᠵᠢᠰᠦ ᠴᠢᠷᠠᠢ ᠰᠣᠯᠢᠬᠤ᠂ | ᠲᠠᠭᠤ ᠰᠣᠯᠢᠬᠤ ᠵᠡᠷᠭᠡ ᠨᠢ ᠬᠡᠳᠦ᠋ᠢᠪᠡᠷ ᠵᠣᠬᠢᠬᠤ ᠮᠡᠷᠭᠡᠵᠢᠯ ᠤᠨ ᠨᠥᠬᠦᠴᠡᠯ ᠪᠠ ᠠᠵᠢᠯᠯᠠᠬᠤ ᠥᠪᠡᠷ ᠤᠨ ᠥᠷᠲᠡᠭ ᠲᠠᠢ ᠪᠣᠯᠪᠠᠴᠤ ᠬᠡᠷᠪᠡ ᠬᠠᠤᠯᠢ ᠪᠤᠰᠤ | ᠡᠲᠡᠭᠡᠳ ᠲᠤ ᠠᠰᠢᠬᠯᠠᠬᠳᠠᠬᠤ ᠪᠠᠶᠢᠳᠠᠯ ᠳᠤᠤᠷ᠎ᠠ᠂ ᠳᠠᠷᠤᠶ ᠪᠤᠰᠤᠳ ᠢ ᠬᠠᠭᠤᠷᠴᠤ ᠮᠡᠭᠡᠯᠡᠬᠦ ᠳᠤ ᠬᠡᠷᠡᠭᠯᠡᠵᠦ᠂ ᠬᠠᠮᠢᠶ᠎ᠠ ᠪᠥᠬᠦᠶ ᠶᠠᠯᠠᠲᠤ ᠠᠵᠢᠯᠯᠠᠭ᠎ᠠ ᠬᠢᠵᠦ ᠮᠡᠳᠡᠨ᠎ᠡ᠃ | | ︽ᠣᠳᠣᠬᠠᠨ ᠳᠤ AI ᠵᠢᠰᠦ ᠴᠢᠷᠠᠢ ᠰᠣᠯᠢᠬᠤ ᠮᠡᠷᠭᠡᠵᠢᠯ ᠨᠢ ᠨᠡᠯᠢᠶᠡᠳ ᠪᠣᠯᠪᠠᠰᠤᠷᠠᠩᠭᠤᠶ ᠪᠤᠯᠵᠤ᠂ ᠸᠢᠳᠢᠣ᠋ ᠪᠠᠷ ᠤᠲᠠᠰᠤ ᠪᠠᠷ ᠶᠠᠷᠢᠯᠴᠠᠬᠤ ᠳᠤ ᠴᠠᠭ | ᠲᠤᠬᠠᠶ ᠳᠤᠨᠢ ᠵᠢᠰᠦ ᠴᠢᠷᠠᠢ ᠰᠣᠯᠢᠬᠤ ᠶᠢ ᠳᠡᠮᠵᠢᠵᠦ᠂ ᠦᠨᠡᠨ ᠬᠤᠳᠠᠯ ᠢ ᠬᠤᠳᠬᠤᠯᠳᠤᠭᠤᠯᠬᠤ ᠬᠡᠮᠵᠢᠶᠡᠨ ᠳᠤ ᠬᠦᠷᠦᠭᠰᠡᠨ ᠪᠠᠶᠢᠨ᠎ᠠ᠃ ᠵᠢᠰᠦ ᠴᠢᠷᠠᠢ ᠶᠢ | ᠰᠣᠯᠢᠬᠤ ᠠᠴᠠ ᠭᠠᠳᠠᠨ᠎ᠠ᠂ ᠪᠠᠰᠠ ᠣᠷᠴᠢᠨ ᠠᠬᠤᠶ ᠶᠢ ᠰᠣᠯᠢᠬᠤ᠂ ᠲᠠᠭᠤ ᠶᠢ ᠰᠣᠯᠢᠬᠤ ᠵᠡᠷᠭᠡ ᠲᠠᠢ ᠤᠶᠠᠯᠳᠤᠭᠤᠯᠪᠠᠯ᠂ ᠦᠨᠡᠮᠰᠢᠬᠦ ᠬᠡᠮᠵᠢᠶ᠎ᠡ ᠨᠢ ᠨᠠᠩ ᠥᠨᠳᠥᠷ | ᠪᠣᠯᠵᠣ᠂ ᠨᠠᠩ ᠴᠤ ᠢᠯᠭᠠᠵᠤ ᠳᠡᠶᠢᠯᠬᠦ ᠥᠬᠡᠶ ᠪᠣᠯᠤᠨ᠎ᠠ︾ ᠭᠡᠪᠡ᠃ ᠢᠨᠲ᠋ᠧᠷ ᠰᠦᠯᠵᠢᠶᠡᠨ ᠤ ᠮᠡᠷᠭᠡᠵᠢᠯᠳᠡᠨ ᠬᠡᠯᠡᠬᠦ ᠳᠡᠭᠡᠨ᠂ ︽ᠨᠦᠬᠦᠭᠡ ᠡᠳᠡᠭᠡᠳ ᠢᠶᠠᠷ ᠢᠶᠠᠨ | ᠲᠣᠯᠣᠭᠠᠶ ᠪᠠᠨ ᠥᠨᠳᠡᠶᠢᠬᠦ᠂ ᠲᠣᠯᠣᠭᠠᠶ ᠪᠠᠨ ᠳᠣᠬᠢᠬᠤ᠂ ᠡᠷᠭᠢᠬᠦ ᠬᠦᠳᠡᠯᠭᠡᠭᠡᠨ ᠲᠦᠷᠭᠡᠨ ᠬᠢᠯᠭᠡᠪᠡᠯ ᠸᠢᠳᠢᠣ᠋ ᠳᠤ ᠬᠡᠪ ᠤᠨ ᠪᠤᠰᠤ ᠨᠠᠷᠢᠨ ᠵᠦᠢᠯᠡᠰ ᠪᠠᠶᠢᠬᠤ ᠡᠰᠡᠬᠦ ᠶᠢ | ᠤᠯᠠᠮ ᠨᠢᠭᠡ ᠠᠯᠬᠤᠮ ᠮᠠᠭᠠᠳᠯᠠᠵᠤ᠂ ᠡᠨᠡ ᠸᠢᠳᠢᠣ᠋ ᠶᠢᠨ ᠦᠨᠡᠨ ᠪᠣᠳᠠᠲᠠᠶ ᠡᠰᠡᠬᠦ ᠶᠢ ᠨᠤᠳᠠᠯᠠᠵᠤ ᠴᠢᠳᠠᠨ᠎ᠠ︾ ᠬᠡᠪᠡ᠃ ᠡᠨᠡ ᠬᠡᠳᠦᠨ ᠵᠦᠢᠯ ᠬᠡᠷᠡᠯ ᠵᠢᠷᠤᠭ ᠢ | ᠶᠠᠭᠠᠬᠢᠭᠰᠠᠨ ᠴᠤ ᠳᠤᠷ᠎ᠠ ᠪᠠᠷ ᠢᠶᠠᠨ ᠰᠦᠯᠵᠢᠶᠡᠨ ᠲᠡᠭᠡᠷ᠎ᠡ ᠲᠠᠯᠪᠢᠵᠦ ᠪᠣᠯᠬᠤ ᠦᠭᠡᠢ ᠡᠳᠦᠷ ᠲᠤᠲᠤᠮ ᠤᠨ ᠠᠮᠢᠳᠤᠷᠠᠯ ᠳᠤᠮᠳᠠ᠂ ᠴᠥᠭᠡᠨ ᠪᠤᠰᠤ ᠬᠥᠮᠦᠰ | ᠨᠠᠶᠢᠵᠠ ᠶᠢᠨ ᠲᠣᠭᠤᠷᠢᠭ᠂ ᠣᠬᠤᠷ ᠸᠢᠳᠢᠣ᠋ ᠳᠡᠭᠡᠷ᠎ᠡ ᠠᠮᠲᠠᠲᠤ ᠢᠳᠡᠭᠡᠨ᠂ ᠭᠤᠶᠣ ᠦᠵᠡᠮᠵᠢ ᠲᠠᠯᠪᠢᠵᠦ ᠬᠤᠪᠢᠶᠠᠯᠴᠠᠬᠤ ᠳᠤᠷᠠᠲᠠᠶ ᠪᠠᠶᠢᠳᠠᠭ᠂ ᠬᠡᠷᠪᠡ ᠵᠢᠭᠠᠬᠠᠨ | ᠬᠢᠴᠢᠶᠡᠬᠦ ᠥᠬᠡᠶ ᠪᠣᠯ ᠡᠲᠡᠭᠡᠷ ᠦᠢᠯᠡ ᠶᠠᠪᠤᠳᠠᠯ ᠨᠢ ᠬᠤᠪᠢ ᠬᠥᠮᠦᠨ ᠤ ᠮᠡᠳᠡᠭᠡ ᠵᠠᠩᠭᠢ ᠪᠠᠨ ᠳᠠᠮ ᠢᠶᠠᠷ ᠵᠠᠳᠠᠷᠠᠭᠤᠯᠵᠤ ᠮᠡᠳᠡᠨ᠎ᠡ᠃ ᠬᠡᠷᠪᠡ ᠤᠨᠳᠤᠤ ᠰᠠᠨᠠᠭ᠎ᠠ ᠲᠠᠢ | ᠬᠥᠮᠦᠨ ᠤᠯᠵᠤ ᠠᠪᠤᠪᠠᠯ ᠥᠪᠡᠷ ᠤᠨ ᠴᠢᠨᠢ ᠪᠠ ᠭᠡᠷ ᠤᠨ ᠬᠥᠮᠦᠰ ᠤᠨ ᠴᠢᠨᠢ ᠡᠳ᠋ ᠬᠥᠷᠥᠩᠭᠡ ᠴᠢᠨᠠᠭᠰᠢᠯᠠᠪᠠᠯ ᠬᠤᠪᠢ ᠪᠡᠶ᠎ᠡ ᠶᠢᠨ ᠴᠢᠨᠢ ᠠᠮᠤᠷ ᠲᠦᠪᠰᠢᠨ ᠢ | ᠰᠦᠷᠳᠡᠭᠦᠯᠵᠦ ᠮᠡᠳᠡᠨ᠎ᠡ᠃ | ᠲᠡᠭᠡᠪᠡᠯ ᠶᠡᠮᠡᠷ ᠶᠠᠮᠠᠷ ᠭᠡᠷᠡᠯ ᠵᠢᠷᠤᠭ ᠢ ᠲᠠᠯᠪᠢᠬᠤ ᠶᠢ ᠵᠠᠪᠠᠯ ᠬᠢᠴᠢᠶᠡᠵᠦ᠂ ᠰᠦᠯᠵᠢᠶᠡᠨ ᠳᠡᠭᠡᠷ᠎ᠡ ᠶᠠᠭᠠᠬᠢᠬᠰᠠᠨ ᠴᠤ ᠳᠤᠷ᠎ᠠ ᠪᠠᠷ ᠢᠶᠠᠨ ᠲᠠᠯᠪᠢᠵᠦ ᠪᠤᠯᠬᠤ | ᠦᠭᠡᠢ ᠪᠤᠢ︖ · | ᠭᠠᠷ ᠲᠠᠭᠠᠨ ᠪᠡᠶ᠎ᠡ ᠶᠢᠨ ᠦᠨᠡᠮᠯᠡᠯ ᠪᠠᠷᠢᠬᠰᠠᠨ ᠪᠤᠶᠤ ᠭᠠᠷ ᠲᠠᠭᠠᠨ ᠴᠠᠭᠠᠨ ᠴᠠᠭᠠᠰᠤᠨ ᠲᠡᠭᠡᠷ᠎ᠡ ᠪᠠᠭᠤᠯᠭᠠᠬᠰᠠᠨ ᠭᠡᠷᠡᠯ ᠵᠢᠷᠤᠭ ᠢ ᠲᠠᠯᠪᠢᠵᠦ ᠪᠤᠯᠬᠤ ᠦᠭᠡᠢ | ᠡᠲᠡᠭᠡᠷ ᠬᠡᠷᠡᠯ ᠵᠢᠷᠤᠭ ᠲᠤ ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠣᠨ ᠰᠠᠭᠤᠴᠠ ᠶᠢᠨ ᠬᠠᠶ᠋ᠢᠭ ᠵᠡᠷᠭᠡ ᠰᠡᠷᠭᠡᠭ ᠮᠡᠳᠡᠭᠡ ᠵᠠᠩᠭᠢ | ᠪᠠᠶᠢᠳᠠᠭ᠂ ᠬᠡᠷᠪᠡ ᠵᠠᠳᠠᠷᠠᠬᠤ ᠳᠤ ᠬᠦᠷᠪᠡᠯ ᠬᠠᠤᠯᠢ ᠪᠤᠰᠤ ᠡᠲᠡᠭᠡᠳ ᠡᠲᠡᠭᠡᠷ ᠮᠡᠳᠡᠭᠡ ᠵᠠᠩᠭᠢ ᠶᠢ ᠠᠰᠢᠭᠯᠠᠨ ᠪᠡᠶ᠎ᠡ ᠶᠢᠨ ᠬᠢᠷᠢ ᠬᠡᠮ ᠢ ᠴᠢᠨᠢ ᠬᠤᠯᠠᠭᠠᠶᠢᠯᠠᠨ ᠬᠡᠷᠡᠭᠯᠡᠵᠦ | ᠂ ᠢᠲᠡᠭᠡᠮᠵᠢ ᠶᠢᠨ ᠺᠠᠷᠲ᠂ ᠵᠢᠭᠡᠯᠡᠯᠭᠡ ᠵᠡᠷᠭᠡ ᠮᠥᠩᠭᠦᠨ ᠬᠦᠢᠯᠭᠡᠭᠡᠨ ᠤ ᠲᠤᠬᠠᠶᠢᠯᠠᠭᠰᠠᠨ ᠠᠵᠢᠯ ᠢ ᠬᠦᠢᠴᠡᠳᠬᠡᠵᠦ᠂ ᠴᠢᠨᠠᠭᠰᠢᠯᠠᠪᠠᠯ ᠬᠠᠤᠯᠢ ᠶᠢ ᠵᠥᠷᠢᠴᠡᠬᠦ | ᠠᠵᠢᠯᠯᠠᠭ᠎ᠠ ᠬᠢᠵᠦ ᠮᠡᠳᠡᠨ᠎ᠡ᠃ | ᠡᠭᠦᠨ ᠠᠴᠠ ᠭᠠᠳᠠᠨ᠎ᠠ᠂ ᠭᠠᠷ ᠲᠠᠭᠠᠨ ᠴᠠᠭᠠᠨ ᠴᠠᠭᠠᠰᠤᠨ ᠲᠡᠭᠡᠷ᠎ᠡ ᠪᠠᠭᠤᠯᠭᠠᠬᠰᠠᠨ ᠭᠡᠷᠡᠯ ᠵᠢᠷᠤᠭ ᠪᠤᠶᠤ ᠰᠤᠨᠢᠨ ᠳᠤ ᠨᠡᠶᠢᠳᠡᠯᠡᠭᠰᠡᠨ ᠬᠡᠷᠡᠯ ᠵᠢᠷᠤᠭ | ᠵᠡᠷᠭᠡ ᠶᠢ ᠦᠷᠭᠦᠯᠵᠢ ᠪᠡᠶ᠎ᠡ ᠶᠢᠨ ᠬᠢᠷᠢ ᠬᠡᠮ ᠢ ᠰᠢᠯᠭᠠᠬᠤ ᠳᠤ ᠬᠡᠷᠡᠭᠯᠡᠳᠡᠭ᠂ ᠬᠡᠷᠪᠡ ᠬᠠᠤᠯᠢ ᠪᠤᠰᠤ ᠡᠲᠡᠭᠡᠳ ᠣᠯᠵᠤ ᠠᠪᠤᠪᠠᠯ᠂ ᠬᠠᠭᠤᠷᠮᠠᠭ ᠦᠨᠡᠮᠯᠡᠯ ᠦᠢᠯᠡᠳᠬᠦ | ᠪᠤᠶᠤ ᠰᠦᠯᠵᠢᠶᠡᠨ ᠤ ᠮᠡᠬᠡᠯᠡᠯ ᠶᠠᠪᠤᠭᠤᠯᠬᠤ ᠳᠤ ᠬᠡᠷᠡᠭᠯᠡᠵᠦ ᠮᠡᠳᠡᠨ᠎ᠡ᠂ ᠢᠩᠭᠢᠪᠡᠯ ᠬᠤᠪᠢ ᠬᠥᠮᠦᠨ ᠳᠤ ᠴᠢᠨᠢ ᠠᠵᠤ ᠠᠬᠤᠶ ᠶᠢᠨ ᠬᠤᠬᠢᠷᠠᠯ ᠪᠠ ᠨᠡᠷ᠎ᠡ ᠲᠥᠷᠥ ᠶᠢᠨ | ᠬᠤᠬᠢᠷᠠᠯ ᠤᠴᠠᠷᠠᠭᠤᠯᠵᠤ ᠮᠡᠳᠡᠨ᠎ᠡ᠃ | ᠡᠯ᠎ᠡ ᠵᠦᠢᠯ ᠤᠨ ᠬᠡᠷᠡᠴᠢ ᠪᠠᠷᠢᠮᠲᠠ ᠶᠢᠨ ᠲᠥᠷᠥᠯ ᠤᠨ ᠭᠡᠷᠡᠯ ᠵᠢᠷᠤᠭ ᠢ ᠲᠠᠯᠪᠢᠵᠦ ᠪᠤᠯᠬᠤ ᠦᠭᠡᠢ ᠮᠠᠰᠢ ᠤᠯᠠᠨ ᠬᠥᠮᠦᠨ ᠠᠵᠢᠯ ᠢᠶᠠᠷ ᠭᠠᠳᠠᠭᠰᠢ ᠭᠠᠷᠬᠤ᠂ | ᠵᠢᠭᠤᠯᠴᠢᠯᠠᠬᠤ ᠳᠠᠭᠠᠨ ᠪᠦᠷ ᠭᠠᠯᠲᠤ ᠲᠡᠷᠭᠡᠨ ᠤ ᠪᠢᠯᠧᠲ ᠪᠤᠶᠤ ᠨᠢᠰᠬᠡᠯ ᠳᠤ ᠰᠠᠭᠤᠬᠤ ᠫᠠᠶᠢᠰᠠ ᠪᠠᠨ ᠰᠡᠭᠦᠳᠡᠷᠯᠡᠵᠦ᠂ ᠥᠪᠡᠷ ᠤᠨ ᠨᠠᠶᠢᠵᠠ ᠶᠢᠨ | ᠲᠣᠭᠤᠷᠢᠭ ᠲᠠᠭᠠᠨ ᠲᠠᠯᠪᠢᠵᠦ ᠬᠤᠪᠢᠶᠠᠯᠴᠠᠬᠤ ᠲᠤᠷᠠᠳᠠᠢ ᠪᠠᠶᠢᠳᠠᠭ᠃ ᠡᠳᠡᠭᠡᠷ ᠪᠢᠯᠧᠲ ᠭᠡᠷᠡᠴᠢ ᠳᠡᠭᠡᠷ᠎ᠡ ᠴᠢᠨᠢ ᠣᠪᠣᠭ ᠨᠡᠷ᠎ᠡ᠂ ᠬᠦᠯᠳᠡᠬᠦ ᠭᠠᠵᠠᠷ᠂ ᠬᠦᠷᠬᠦ ᠭᠠᠵᠠᠷ | ᠵᠡᠷᠭᠡ ᠮᠡᠳᠡᠭᠡ ᠵᠠᠩᠭᠢ ᠪᠠᠶᠢᠳᠠᠭ ᠢᠶᠠᠷ ᠪᠠᠷᠠᠬᠤ ᠦᠭᠡᠶ᠂ ᠪᠠᠰᠠ ᠵᠢᠷᠤᠭᠠᠰᠤᠨ ᠲᠡᠮᠳᠡᠭ ᠪᠤᠶᠤ ᠬᠤᠶᠠᠷ ᠬᠡᠮᠵᠢᠯᠳᠦ ᠺᠤᠳ᠋ ᠲᠡᠭᠡᠷ᠎ᠡ ᠨᠢ ᠠᠶᠠᠨᠴᠢᠳ ᠬᠤᠪᠢ ᠬᠥᠮᠦᠨ ᠤ | ᠮᠡᠳᠡᠭᠡ ᠵᠠᠩᠭᠢ ᠪᠠᠶᠢᠳᠠᠭ ᠠᠴᠠ ᠬᠠᠤᠯᠢ ᠪᠤᠰᠤ ᠡᠲᠡᠭᠡᠳ ᠲᠤ ᠲᠠᠶᠢᠯᠤᠭᠳᠠᠬᠤ ᠪᠤᠶᠤ ᠪᠥᠭᠡᠳ ᠬᠤᠯᠠᠭᠠᠶᠢᠯᠠᠭᠳᠠᠬᠤ ᠪᠣᠯᠤᠯᠴᠠᠭ᠎ᠠ ᠲᠠᠢ ᠪᠠᠶᠢᠳᠠᠭ᠃ | ᠭᠡᠷ ᠤᠨ ᠲᠦᠯᠬᠢᠭᠦᠷ᠂ ᠲᠡᠷᠭᠡᠨ ᠫᠠᠶᠢᠰᠠ ᠵᠡᠷᠭᠡ ᠶᠢᠨ ᠭᠡᠷᠡᠯ ᠵᠢᠷᠤᠭ ᠢ ᠲᠠᠯᠪᠢᠵᠦ ᠪᠤᠯᠬᠤ ᠦᠭᠡᠢ ᠬᠠᠤᠯᠢ ᠪᠤᠰᠤ ᠡᠲᠡᠭᠡᠳ ᠲᠣᠮᠣ ᠳ᠋ᠠᠶᠢᠲ᠋ᠠ ᠵᠡᠷᠭᠡ | ᠮᠡᠷᠭᠡᠵᠢᠯ ᠤᠨ ᠠᠷᠭ᠎ᠠ ᠪᠠᠷᠢᠯ ᠪᠠ ᠡᠳᠡᠭᠡᠷ ᠭᠡᠷᠡᠯ ᠵᠢᠷᠤᠭ ᠢᠶᠠᠷ ᠲᠠᠮᠵᠢᠭᠤᠯᠤᠨ ᠨᠡᠶᠢᠳᠡᠯᠡᠭᠴᠢ ᠶᠢᠨ ᠤᠨᠴᠠᠭᠠᠢ ᠴᠠᠭ ᠬᠤᠭᠤᠴᠠᠭᠠᠨ ᠳᠠᠬᠢ ᠪᠠᠶᠢᠭ᠎ᠠ ᠣᠨᠴᠠ | ᠲᠣᠭᠲᠠᠭᠰᠠᠨ ᠣᠷᠣᠨ ᠪᠠᠶᠢᠷᠢ ᠶᠢ ᠵᠠᠳᠠᠯᠤᠨ ᠭᠠᠷᠭᠠᠬᠤ ᠪᠦᠭᠡᠳ ᠪᠠᠰᠠ ᠨᠡᠶᠢᠲᠡᠯᠡᠭᠴᠢ ᠶᠢᠨ ᠬᠤᠯᠪᠣᠭᠳᠠᠯ ᠪᠥᠬᠦᠶ ᠠᠮᠢᠳᠤᠷᠠᠯ ᠤᠨ ᠳᠠᠳᠬᠠᠯ ᠢ ᠣᠯᠵᠤ ᠪᠣᠯᠤᠨ᠎ᠠ᠃ | ᠡᠶᠢᠮᠦ ᠠᠴᠠ ᠬᠠᠮᠤᠭ ᠰᠠᠶᠢᠨ ᠠᠷᠭ᠎ᠠ ᠪᠣᠯ ᠭᠡᠷᠡᠯ ᠵᠢᠷᠤᠭ ᠤᠨ ᠲᠤᠳᠤᠷ᠎ᠠ ᠪᠠᠨ ᠵᠢᠱᠢᠶᠡᠯᠡᠪᠡᠯ ᠭᠡᠷ ᠤᠨ ᠲᠦᠯᠬᠢᠭᠦᠷ᠂ ᠲᠡᠷᠭᠡᠨ ᠫᠠᠶᠢᠰᠠ ᠶᠢᠨ ᠨᠣᠮᠧᠷ ᠵᠡᠷᠭᠡ | ᠣᠨᠴᠠᠯᠢᠭ ᠢᠶᠠᠷ ᠢᠯᠡᠷᠬᠡᠶ ᠶᠠᠭᠤᠮᠠᠰ ᠢ ᠪᠢᠲᠡᠭᠡᠶ ᠤᠷᠤᠭᠤᠯᠤᠭᠠᠷᠠᠢ᠃ |