| | | ᠨᠢᠭᠡ᠂ ᠲᠠᠷᠢᠶᠠᠨ ᠡᠮ ᠡᠵᠡᠩᠨᠡᠭᠴᠢ ᠪᠣᠯᠣᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠦᠷᠲᠡᠭᠡ ︵ᠴᠡᠭ︶ ᠨᠢ | ᠬᠤᠯᠪᠣᠭᠳᠠᠯ ᠪᠦᠬᠦᠢ ᠲᠥᠬᠦᠭᠡᠷᠦᠮᠵᠢ᠂ ᠲᠠᠯᠠᠪᠤᠷ ᠭᠠᠵᠠᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠴᠤᠭᠯᠠᠭᠤᠯᠤᠭᠰᠠᠨ ᠲᠠᠷᠢᠶᠠᠨ ᠡᠮ ᠤᠨ | ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠲᠣᠬᠢᠲᠠᠢ ᠬᠠᠳᠠᠭᠠᠯᠠᠬᠤ ᠬᠡᠷᠡᠭᠳᠡᠢ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ | ᠳᠤᠷ᠎ᠠ ᠪᠠᠷ ᠢᠶᠠᠨ ᠬᠠᠶᠠᠵᠤ᠂ ᠣᠪᠣᠭᠠᠯᠠᠵᠤ᠂ ᠠᠰᠬᠠᠨ ᠬᠠᠶᠠᠵᠤ ᠪᠣᠯᠬᠤ ᠦᠭᠡᠢ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ | ᠲᠡᠭᠡᠭᠡᠪᠦᠷᠢᠯᠡᠬᠦ ᠳᠡᠭᠡᠨ ᠣᠷᠴᠢᠨ ᠠᠬᠤᠢ ᠶᠢ ᠪᠣᠬᠢᠷᠲᠤᠭᠤᠯᠬᠤ ᠦᠭᠡᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ | ᠬᠠᠶᠠᠭᠳᠠᠮᠠᠯ ᠪᠣᠳᠠᠰ ᠢ ᠬᠠᠶᠠᠵᠤ ᠠᠰᠬᠠᠵᠤ ᠪᠣᠯᠬᠤ ᠦᠭᠡᠢ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠨᠢ ᠪᠣᠷᠣᠭᠠᠨ ᠠᠴᠠ ᠰᠡᠷᠭᠡᠶᠢᠯᠡᠬᠦ᠂ ᠨᠡᠪᠴᠢᠵᠦ ᠭᠤᠭᠤᠵᠢᠬᠤ ᠠᠴᠠ | ᠰᠡᠷᠭᠡᠶᠢᠯᠡᠬᠦ᠂ ᠠᠰᠬᠠᠬᠤ ᠠᠴᠠ ᠰᠡᠷᠭᠡᠶᠢᠯᠡᠬᠦ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠬᠤᠶᠠᠷ᠂ ᠤᠯᠤᠰ ᠠᠴᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠤᠨ | ᠳᠡᠮᠵᠢᠨ᠎ᠡ︔ ᠡᠬᠢ ᠪᠠᠶᠠᠯᠢᠭᠵᠢᠭᠤᠯᠤᠨ ᠠᠰᠢᠭᠯᠠᠬᠤ ᠠᠴᠠ ᠭᠠᠳᠠᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠪᠤᠯᠠᠬᠤ᠂ ᠰᠢᠲᠠᠭᠠᠬᠤ ᠵᠡᠷᠭᠡ ᠬᠤᠣᠷ | ᠦᠭᠡᠢ ᠪᠣᠯᠭᠠᠨ ᠰᠢᠢᠳᠪᠦᠷᠢᠯᠡᠬᠦ ᠬᠡᠷᠡᠭᠲᠡᠢ᠃ ᠡᠬᠢ ᠪᠠᠶᠠᠯᠢᠭᠵᠢᠭᠤᠯᠤᠨ ᠠᠰᠢᠭᠯᠠᠬᠤ ᠳᠤ ︽ᠠᠶᠤᠯ ᠲᠦᠭᠰᠢᠭᠦᠷᠢ ᠶᠢ ᠡᠵᠡᠮᠳᠡᠵᠦ ᠪᠣᠯᠬᠤ᠂ ᠴᠡᠭ ᠲᠣᠭᠲᠠᠭᠠᠨ ᠴᠢᠭᠯᠡᠯ | ᠲᠣᠭᠲᠠᠭᠠᠬᠤ᠂ ᠪᠥᠬᠦ ᠶᠠᠪᠤᠴᠠ ᠳᠤ ᠨᠡᠬᠡᠮᠵᠢᠯᠡᠬᠦ︾ ᠵᠠᠷᠴᠢᠮ ᠶᠣᠰᠣᠭᠠᠷ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ | ᠲᠣᠰᠬᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠲᠣᠰ ᠭᠠᠵᠠᠷ ᠤᠨ ᠪᠣᠳᠠᠲᠤ ᠬᠡᠷᠡᠭᠴᠡᠭᠡ ᠲᠠᠢ ᠪᠠᠨ ᠤᠶᠠᠯᠳᠤᠭᠤᠯᠤᠨ ᠡᠬᠢ ᠪᠠᠶᠠᠯᠢᠭᠵᠢᠭᠤᠯᠤᠨ ᠠᠰᠢᠭᠯᠠᠬᠤ ᠨᠢᠭᠡᠴᠡ ᠶᠢ ᠲᠣᠭᠲᠠᠭᠠᠬᠤ ᠶᠢᠨ ᠬᠠᠮᠲᠤ | ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠡᠬᠢ ᠪᠠᠶᠠᠯᠢᠭᠵᠢᠭᠤᠯᠤᠨ ᠠᠰᠢᠭᠯᠠᠬᠤ ᠳᠠᠭᠠᠨ ᠢᠳᠡᠭᠡᠨ ᠤᠮᠳᠠᠭᠠᠨ ᠤ ᠬᠡᠷᠡᠭᠰᠡᠯ᠂ ᠬᠡᠦᠬᠡᠳ ᠤᠨ ᠲᠣᠭᠯᠠᠭᠠᠮ ᠵᠡᠷᠭᠡ | ᠦᠢᠯᠡᠳᠬᠦᠨ ᠢ ᠦᠢᠯᠡᠳᠬᠦ ᠳᠤ ᠬᠡᠷᠡᠭᠯᠡᠵᠦ ᠪᠣᠯᠬᠤ ᠦᠭᠡᠢ᠂ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠬᠤ ᠠᠴᠠ ᠰᠡᠷᠭᠡᠶᠢᠯᠡᠬᠦ | ᠬᠡᠷᠡᠭᠲᠡᠢ᠃ ᠡᠬᠢ ᠪᠠᠶᠠᠯᠢᠭᠵᠢᠭᠤᠯᠤᠨ ᠠᠰᠢᠭᠯᠠᠬᠤ ᠨᠢᠭᠡᠴᠡ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠰᠠᠷᠢᠭᠠᠯᠠᠵᠤ ᠪᠣᠯᠬᠤ ᠦᠭᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ᠂ ᠠᠮᠢ ᠠᠬᠤᠢ ᠶᠢᠨ ᠣᠷᠴᠢᠨ ᠨᠥᠬᠦᠴᠡᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠬᠢ ᠪᠠᠶᠠᠯᠢᠭᠵᠢᠭᠤᠯᠤᠨ ᠠᠰᠢᠭᠯᠠᠬᠤ ᠨᠢᠭᠡᠴᠡ ᠶᠢᠨ | ᠬᠤᠷᠢᠶᠠᠨ ᠠᠪᠤᠭᠰᠠᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠦᠷᠢᠯᠡᠬᠦ ᠬᠡᠷᠡᠭᠲᠡᠢ᠃ | ᠭᠤᠷᠪᠠ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠠᠷᠤᠳᠠᠯ ᠢ ᠵᠣᠬᠢᠴᠠᠩᠭᠤᠢ ᠲᠠᠷᠢᠶᠠᠨ ᠡᠮ ᠦᠢᠯᠡᠳᠪᠦᠷᠢᠯᠡᠭᠴᠢ | ᠪᠠ ᠡᠵᠡᠩᠨᠡᠭᠴᠢ ᠡᠭᠦᠷᠭᠡᠯᠡᠨ᠎ᠡ︔ ᠲᠠᠷᠢᠶᠠᠨ ᠡᠮ ᠦᠢᠯᠡᠳᠪᠦᠷᠢᠯᠡᠭᠴᠢ᠂ ᠡᠵᠡᠩᠨᠡᠭᠴᠢ ᠨᠢ ᠲᠣᠳᠣᠷᠬᠠᠢ ᠦᠭᠡᠢ ᠪᠠᠶᠢᠪᠠᠯ᠂ ᠰᠢᠢᠳᠪᠦᠷᠢᠯᠡᠬᠦ ᠵᠠᠷᠤᠳᠠᠯ ᠢ ᠪᠠᠶᠢᠭ᠎ᠠ | ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠭᠠᠷᠭᠠᠨ᠎ᠠ᠃ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠨᠥᠬᠦᠪᠦᠷᠢ ᠮᠦᠩᠭᠦ ᠥᠭᠬᠦ᠂ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ | ᠵᠡᠷᠭᠡ ᠶᠢ ᠣᠯᠭᠤᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ | ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯᠯᠠᠭ᠎ᠠ ᠶᠢ ᠳᠡᠮᠵᠢᠬᠦ ᠬᠡᠷᠡᠭᠲᠡᠢ᠃ |