| | | | ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ᠄ | ᠬᠤᠲᠠ ᠬᠥᠳᠡᠭᠡ ᠶᠢᠨ ᠬᠥᠳᠡᠯᠮᠦᠷᠢ ᠬᠦᠴᠦᠨ ᠤ ᠠᠵᠢᠯ ᠮᠡᠷᠭᠡᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠣᠯᠵᠤ | ᠦᠢᠯᠡᠰ ᠴᠣᠭᠴᠠᠯᠠᠬᠤ ᠶᠢ ᠠᠬᠢᠭᠤᠯᠵᠤ᠂ ᠮᠠᠨ ᠤ ᠬᠤᠰᠢᠭᠤᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠴᠢᠨ ᠬᠡᠷᠡᠭᠯᠡᠬᠦ ᠵᠢᠴᠢ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠡᠨ ᠬᠦ ᠡᠵᠡᠮᠰᠢᠵᠦ᠂ ᠠᠵᠢᠯ ᠣᠯᠭᠤᠯᠲᠠ ᠶᠢᠨ ᠪᠠᠶᠢᠳᠠᠯ ᠢ | ᠣᠨᠣᠪᠴᠢᠲᠠᠶ ᠮᠠᠭᠠᠳᠯᠠᠵᠤ᠂ ᠠᠵᠢᠯᠴᠢᠨ ᠬᠡᠷᠡᠭᠯᠡᠬᠦ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠦᠢᠯᠡᠴᠢᠯᠡᠭᠡ ᠶᠢ ᠨᠠᠩ ᠰᠠᠶᠢᠨ ᠥᠷᠨᠢᠭᠦᠯᠬᠦ ᠶᠢᠨ ᠲᠦᠯᠦᠬᠡ᠂ | ᠪᠠᠭᠠᠷᠢᠨ ᠪᠠᠷᠠᠭᠤᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠪᠥᠬᠦ ᠬᠤᠰᠢᠭᠤᠨ ᠤ ᠬᠡᠪᠴᠢᠶᠡᠨ ᠳᠤ ᠬᠤᠲᠠ ᠬᠥᠳᠡᠭᠡ ᠶᠢᠨ ᠬᠥᠳᠡᠯᠮᠦᠷᠢ | ᠬᠦᠴᠦᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠢᠯ ᠤᠯᠬᠤ ᠬᠦᠰᠡᠯ ᠡᠷᠡᠮᠡᠯᠵᠡᠯ ᠵᠢᠴᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ | ᠳᠤᠤᠷᠠᠬᠢ ᠮᠡᠲᠦ ᠮᠡᠳᠡᠭᠳᠡᠪᠡ᠄ | ᠨᠢᠭᠡ᠂ ᠪᠠᠶᠢᠴᠠᠭᠠᠬᠤ ᠵᠣᠷᠢᠯᠭ᠎ᠠ | 1 . ᠬᠤᠲᠠ ᠬᠥᠳᠡᠭᠡ ᠶᠢᠨ ᠬᠥᠳᠡᠯᠮᠦᠷᠢ ᠬᠦᠴᠦᠨ ᠤ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠡᠷᠡᠭᠴᠡᠭᠡ ᠶᠢ ᠪᠦᠬᠦ | ᠲᠠᠯ᠎ᠠ ᠪᠠᠷ ᠣᠶᠢᠯᠠᠭᠠᠵᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ | ᠲᠥᠯᠥᠪᠯᠡᠭᠡ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃ | 2 .ᠬᠦᠰᠡᠵᠦ ᠪᠠᠶᠢᠭ᠎ᠠ ᠠᠵᠢᠯ ᠣᠯᠭᠤᠬᠤ ᠠᠵᠢᠯ ᠲᠥᠷᠥᠯ᠂ ᠠᠵᠢᠯ ᠤᠨ ᠪᠠᠶᠢᠷᠢ᠂ ᠴᠠᠯᠢᠩ ᠣᠯᠭᠤᠮᠵᠢ ᠵᠡᠷᠭᠡ ᠶᠢ ᠪᠠᠭᠲᠠᠭᠠᠭᠰᠠᠨ ᠬᠤᠲᠠ ᠬᠥᠳᠡᠭᠡ ᠶᠢᠨ | ᠬᠥᠳᠡᠯᠮᠦᠷᠢ ᠬᠦᠴᠦᠨ ᠤ ᠠᠵᠢᠯ ᠣᠯᠬᠤ ᠬᠦᠰᠡᠯ ᠰᠠᠨᠠᠭ᠎ᠠ ᠶᠢ ᠡᠵᠡᠮᠰᠢᠵᠦ᠂ ᠠᠵᠢᠯ ᠣᠯᠭᠤᠬᠤ ᠦᠢᠯᠡᠴᠢᠯᠡᠭᠡᠨ ᠪᠣᠯᠤᠨ ᠵᠢᠯᠣᠭᠤᠳᠣᠯᠭ᠎ᠠ ᠶᠢ ᠨᠡᠩ ᠰᠠᠶᠢᠲᠤᠷ | ᠬᠠᠩᠭᠠᠨ᠎ᠠ᠃ | 3 .ᠠᠵᠢᠯᠴᠢᠨ ᠬᠡᠷᠡᠭᠯᠡᠬᠦ ᠲᠤᠭ᠎ᠠ ᠬᠡᠮᠵᠢᠶ᠎ᠡ᠂ ᠠᠵᠢᠯ ᠤᠨ ᠪᠠᠶᠢᠷᠢ ᠶᠢᠨ ᠱᠠᠭᠠᠷᠳᠠᠯᠭ᠎ᠠ᠂ ᠮᠡᠷᠭᠡᠵᠢᠯ ᠤᠨ ᠴᠢᠳᠠᠪᠤᠷᠢ ᠶᠢᠨ ᠬᠡᠷᠡᠭᠴᠡᠭᠡ ᠵᠡᠷᠭᠡ ᠶᠢ | ᠪᠠᠭᠲᠠᠭᠠᠭᠰᠠᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠠᠵᠤ ᠠᠬᠤᠶᠢᠯᠠᠯ ᠪᠠ ᠬᠥᠳᠡᠯᠮᠦᠷᠢ | ᠬᠦᠴᠦᠨ ᠳᠤ ᠪᠦᠲᠦᠮᠵᠢᠲᠡᠶ ᠵᠣᠯᠭᠠᠭᠤᠯᠬᠤ ᠲᠠᠪᠴᠠᠩ ᠪᠠᠶᠢᠭᠤᠯᠵᠤ ᠦᠭᠬᠦᠨ᠎ᠡ᠃ | ᠬᠤᠶᠠᠷ᠂ ᠪᠠᠶᠢᠴᠠᠭᠠᠭᠳᠠᠬᠤ ᠡᠲᠡᠭᠡᠳ | 1 . ᠬᠤᠲᠠ ᠬᠥᠳᠡᠭᠡ ᠶᠢᠨ ᠬᠥᠳᠡᠯᠮᠦᠷᠢ ᠬᠦᠴᠦᠨ᠄ ᠡᠷᠡᠭᠲᠡᠶ 16 ᠠᠴᠠ ᠪᠦᠬᠦᠯᠢ 60 ᠨᠠᠰᠤ᠂ ᠡᠮᠡᠭᠲᠡᠶ 16 ᠠᠴᠠ ᠪᠦᠬᠦᠯᠢ 50 ᠨᠠᠰᠤ᠂ ᠲᠡᠭᠦᠰᠬᠦ | ᠣᠨ ᠤ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠡᠪᠰᠢᠭᠡᠳᠦᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠲᠡᠭᠦᠰᠦᠭᠰᠡᠳ᠂ ᠬᠥᠳᠡᠭᠡ ᠲᠣᠰᠬᠤᠨ ᠤ ᠰᠢᠯᠵᠢᠵᠦ ᠠᠵᠢᠯ ᠤᠯᠬᠤ ᠬᠥᠳᠡᠯᠮᠦᠷᠢᠯᠡᠭᠴᠢᠳ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ | ᠠᠵᠢᠯ ᠣᠯᠬᠤ ᠳᠤ ᠬᠦᠴᠢᠷᠲᠡᠶ ᠬᠥᠮᠦᠰ᠂ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠢ ᠱᠠᠭᠠᠷᠳᠠᠨ᠎ᠠ᠃ | 2 . ᠠᠵᠤ ᠠᠬᠤᠶᠢᠯᠠᠯ᠄ ᠲᠤᠰ ᠭᠠᠵᠠᠷ ᠣᠷᠣᠨ ᠤ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠢᠴᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠵᠡᠷᠭᠡ ᠠᠵᠢᠯᠴᠢᠨ ᠬᠡᠷᠡᠭᠯᠡᠬᠦ ᠭᠤᠣᠯ ᠴᠣᠭᠴᠠ᠃ | | ᠭᠤᠷᠪᠠ᠂ ᠪᠠᠶᠢᠴᠠᠭᠠᠬᠤ ᠠᠭᠤᠯᠭ᠎ᠠ | 1 . ᠬᠤᠲᠠ ᠬᠥᠳᠡᠭᠡ ᠶᠢᠨ ᠬᠥᠳᠡᠯᠮᠦᠷᠢ ᠬᠦᠴᠦᠨ ᠤ ᠲᠠᠯ᠎ᠠ ᠪᠠᠷ | ① ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠄ ᠣᠪᠣᠭ ᠨᠡᠷ᠎ᠡ᠂ ᠴᠢᠨᠠᠷ ᠤᠨ ᠢᠯᠭᠠᠯ᠂ ᠨᠠᠰᠤ᠂ ᠬᠠᠷᠢᠯᠴᠠᠬᠤ ᠠᠷᠭ᠎ᠠ ᠮᠠᠶ᠋ᠢᠭ ᠵᠡᠷᠭᠡ᠃ | ② ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠣᠳᠣᠬᠢ ᠪᠠᠶᠢᠳᠠᠯ᠄ ᠣᠳᠣᠬᠠᠨ ᠳᠤ ᠪᠦᠷᠢᠯᠳᠦᠭᠦᠯᠦᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ᠂ | ᠤᠷ᠎ᠠ ᠴᠢᠳᠠᠪᠤᠷᠢ ᠶᠢᠨ ᠳᠡᠰ᠂ ᠦᠨᠡᠮᠯᠡᠯ ᠣᠯᠤᠭᠰᠠᠨ ᠪᠠᠶᠢᠳᠠᠯ ᠵᠡᠷᠭᠡ᠃ | ③ ᠪᠣᠯᠪᠠᠰᠤᠷᠠᠭᠤᠯᠤᠯ ᠤᠨ ᠬᠡᠷᠡᠭᠴᠡᠭᠡ᠄ ᠣᠷᠣᠯᠴᠠᠬᠤ ᠶᠢ ᠬᠦᠰᠡᠵᠦ ᠪᠠᠶᠢᠭ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠲᠥᠷᠥᠯ ᠵᠦᠢᠯ᠂ ᠪᠣᠯᠪᠠᠰᠤᠷᠠᠭᠤᠯᠤᠯ ᠤᠨ ᠴᠠᠭ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠵᠡᠷᠭᠡ᠃ | ④ ᠠᠵᠢᠯ ᠣᠯᠭᠤᠬᠤ ᠬᠦᠰᠡᠯ᠄ ᠠᠵᠢᠯ ᠣᠯᠭᠤᠬᠤ ᠬᠦᠰᠡᠯ ᠲᠠᠢ ᠠᠵᠤ ᠠᠬᠤᠶᠢᠯᠠᠯ᠂ ᠠᠵᠢᠯ ᠤᠨ ᠪᠠᠶᠢᠷᠢ᠂ ᠠᠵᠢᠯᠯᠠᠬᠤ ᠭᠠᠵᠠᠷ᠂ ᠴᠠᠯᠢᠩ ᠬᠥᠯᠥᠰᠦᠨ ᠤ | ᠬᠠᠷᠠᠭᠠᠯᠵᠠᠯ ᠵᠡᠷᠭᠡ᠃ | 2 ᠠᠵᠤ ᠠᠬᠤᠶᠢᠯᠠᠯ ᠤᠨ ᠲᠠᠯ᠎ᠠ ᠪᠠᠷ | ① ᠠᠵᠤ ᠠᠬᠤᠶᠢᠯᠠᠯ ᠤᠨ ᠦᠨᠳᠦᠰᠦᠨ ᠮᠡᠳᠡᠭᠡ ᠵᠠᠩᠭᠢ᠄ ᠠᠵᠤ ᠠᠬᠤᠶᠢᠯᠠᠯ ᠤᠨ ᠨᠡᠷᠡᠶᠢᠳᠦᠯ᠂ ᠬᠠᠷᠢᠶ᠎ᠠ ᠠᠵᠢᠯ ᠲᠥᠷᠥᠯ᠂ ᠠᠵᠤ ᠠᠬᠤᠶᠢᠯᠠᠯ ᠤᠨ | ᠬᠡᠪᠴᠢᠶ᠎ᠡ᠂ ᠬᠠᠷᠢᠯᠴᠠᠬᠤ ᠠᠷᠭ᠎ᠠ ᠮᠠᠶ᠋ᠢᠭ ᠵᠡᠷᠭᠡ᠃ | ② ᠠᠵᠢᠯᠴᠢᠨ ᠬᠡᠷᠡᠭᠯᠡᠬᠦ ᠬᠡᠷᠡᠭᠴᠡᠭᠡ᠄ ᠣᠳᠣᠬᠠᠨ ᠤ ᠪᠠ ᠢᠷᠡᠭᠡᠳᠦᠢ ᠶᠢᠨ ᠨᠢᠭᠡ ᠬᠤᠭᠤᠴᠠᠭᠠᠨ ᠤ ᠠᠵᠢᠯᠴᠢᠨ ᠬᠡᠷᠡᠭᠯᠡᠬᠦ ᠲᠤᠭ᠎ᠠ ᠬᠡᠮᠵᠢᠶ᠎ᠡ᠂ ᠠᠵᠢᠯ ᠤᠨ | ᠪᠠᠶᠢᠷᠢ ᠶᠢᠨ ᠬᠡᠷᠡᠭᠴᠡᠭᠡ᠂ ᠤᠷ᠎ᠠ ᠴᠢᠳᠠᠪᠤᠷᠢ ᠶᠢᠨ ᠱᠠᠭᠠᠷᠳᠠᠯᠭ᠎ᠠ ᠵᠡᠷᠭᠡ᠃ | ③ ᠴᠠᠯᠢᠩ ᠬᠥᠯᠥᠰᠥ᠄ ᠬᠠᠩᠭᠠᠭᠰᠠᠨ ᠴᠠᠯᠢᠩ ᠬᠥᠯᠥᠰᠥ᠂ ᠠᠰᠠᠷᠠᠮᠵᠢ ᠬᠠᠷᠠᠭᠠᠯᠵᠠᠯ᠂ ᠠᠵᠢᠯᠯᠠᠬᠤ ᠴᠠᠭ ᠵᠡᠷᠭᠡ᠃ | ᠳᠥᠷᠪᠡ᠂ ᠪᠠᠶᠢᠴᠠᠭᠠᠬᠤ ᠠᠷᠭ᠎ᠠ ᠮᠠᠶ᠋ᠢᠭ | ᠪᠠᠶᠢᠴᠠᠭᠠᠬᠤ ᠠᠷᠭ᠎ᠠ ᠬᠡᠯᠪᠡᠷᠢ ᠨᠢ ᠭᠤᠤᠯᠳᠠᠭᠤ ᠰᠦᠯᠵᠢᠶᠡᠨ ᠳᠡᠭᠡᠷᠡᠬᠢ ᠪᠠᠶᠢᠴᠠᠭᠠᠯᠲᠠ ᠪᠠᠷ ᠭᠤᠤᠯ ᠪᠣᠯᠭᠠᠵᠤ᠂ ᠰᠦᠯᠵᠢᠶᠡᠨ ᠤ ᠪᠠᠶᠢᠴᠠᠭᠠᠯᠲᠠ ᠶᠢᠨ | ᠲᠤᠰᠬᠠᠶ ᠲᠠᠪᠴᠠᠩ ᠪᠠᠶᠢᠭᠤᠯᠵᠤ᠂ ᠠᠯᠪᠠᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠪᠠᠶᠢᠴᠠᠭᠠᠯᠲᠠ ᠶᠢᠨ | ᠴᠥᠷᠬᠡᠯᠡᠭᠡ ᠨᠡᠶᠢᠲᠡᠯᠡᠵᠦ᠂ ᠬᠤᠲᠠ ᠬᠥᠳᠡᠭᠡ ᠶᠢᠨ ᠬᠥᠳᠡᠯᠮᠦᠷᠢ ᠬᠦᠴᠦᠨ ᠪᠠ ᠠᠵᠤ ᠠᠬᠤᠶᠢᠯᠠᠯ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠰᠦᠯᠵᠢᠶᠡᠨ | ᠳᠡᠭᠡᠷ᠎ᠡ ᠲᠠᠭᠯᠠᠵᠤ ᠪᠣᠯᠤᠨ᠎ᠠ᠃ | ᠲᠠᠪᠤ᠂ ᠪᠠᠶᠢᠴᠠᠭᠠᠬᠤ ᠴᠠᠭ | ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠢ 2025 ᠣᠨ ᠤ 1 ᠰᠠᠷ᠎ᠠ ᠶᠢᠨ 8 ᠤ ᠡᠳᠦᠷ ᠠᠴᠠ ᠡᠬᠢᠯᠡᠵᠦ ᠬᠢᠨ᠎ᠠ᠃ | ᠵᠢᠷᠭᠤᠭ᠎ᠠ᠂ ᠬᠠᠷᠢᠯᠴᠠᠬᠤ ᠠᠷᠭ᠎ᠠ ᠮᠠᠶ᠋ᠢᠭ | ᠬᠡᠷᠪᠡ ᠮᠠᠳᠠᠭ ᠲᠠᠢ ᠪᠤᠶᠤ ᠬᠤᠯᠪᠣᠭᠳᠠᠬᠤ ᠵᠦᠢᠯ ᠪᠠᠶᠢᠪᠠᠯ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠠᠵᠢᠯᠲᠠᠨ ᠲᠠᠢ ᠬᠠᠷᠢᠯᠴᠠᠭᠠᠷᠠᠶ᠃ | | ᠬᠠᠷᠢᠯᠴᠠᠬᠤ ᠤᠲᠠᠰᠤ᠄ | ᠠᠯᠪᠠᠨ ᠭᠡᠷ᠄ 0476-6231211 | ᠠᠵᠢᠯ ᠣᠯᠭᠤᠬᠤ ᠦᠢᠯᠡᠴᠢᠯᠡᠭᠡᠨ ᠤ ᠲᠠᠰᠤᠭ᠄ 0476-6232179 | ᠪᠣᠯᠪᠠᠰᠤᠷᠠᠯ ᠤᠨ ᠲᠠᠰᠤᠭ᠄ 0476-6220432 | ᠠᠵᠢᠯ ᠠᠯᠳᠠᠯᠲᠠ ᠶᠢᠨ ᠳᠠᠭᠠᠳᠬᠠᠯ ᠤᠨ ᠲᠠᠰᠤᠭ᠄ 0476-6222880 | ᠤᠷ᠎ᠠ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠲᠠᠰᠤᠭ᠄ 0476-6231211 | ᠪᠠᠭᠠᠷᠢᠨ ᠪᠠᠷᠠᠭᠤᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ | 2025 ᠣᠨ ᠤ 1 ᠰᠠᠷ᠎ᠠ ᠶᠢᠨ 8 ᠤ ᠡᠳᠦᠷ |