ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/2/21
  ᠬᠤᠰᠢᠭᠤᠨ ᠤ ᠨᠠᠮ ᠤᠨ ᠬᠤᠷᠢᠶ᠎ᠠ ᠶᠢᠨ ᠰᠤᠳᠤᠯᠤᠯᠲᠠ ᠪᠠᠷ ᠳᠡᠮᠵᠢᠨ᠂ ᠳᠣᠤᠷᠠᠬᠢ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠃ᠨᠢᠭᠡ᠂ ᠢᠯᠡ ᠨᠡᠶᠢᠲᠡᠯᠡᠬᠦ ᠨᠡᠷᠡᠰ      ᠯᠢ ᠵᠢᠶᠧ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 2 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠠᠭᠠᠨᠮᠥ᠋ᠷᠡᠨ ᠰᠤᠮᠤ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ︔      ᠪᠠᠶᠠᠨ᠂ ᠡᠷᠡᠭᠲᠡᠶ᠂ ᠮᠣᠩᠭᠤᠯ ᠦᠨᠳᠦᠰᠦᠲᠡᠨ᠂ 1986 ᠣᠨ ᠤ 11 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠴᠠᠭᠠᠨᠮᠥ᠋ᠷᠡᠨ ᠰᠤᠮᠤ ᠶᠢᠨ ᠨᠠᠮ ᠤᠨ  ᠬᠤᠷᠢᠶ᠎ᠠ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ︔      ᠾᠧᠦ ᠶᠠᠨ ᠹᠸᠢ᠂ ᠡᠮᠡᠭᠲᠡᠢ᠂ ᠮᠣᠩᠭᠤᠯ ᠦᠨᠳᠦᠰᠦᠲᠡᠨ᠂ 1990 ᠣᠨ ᠤ 12 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ︔      ᠪᠠᠶᠠᠨᠪᠤᠯᠠᠭ᠂ ᠡᠷᠡᠭᠲᠡᠶ᠂ ᠮᠣᠩᠭᠤᠯ ᠦᠨᠳᠦᠰᠦᠲᠡᠨ᠂ 1980 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠵᠢᠷᠭᠠᠯ ᠤᠨ ᠵᠠᠮ ᠤᠨ ᠰᠤᠮᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ︔      ᠵᠢᠶᠠᠩ ᠹᠧᠶ ᠳ᠋ᠡ᠂ ᠡᠮᠡᠭᠲᠡᠶ᠂ ᠮᠣᠩᠭᠤᠯ ᠦᠨᠳᠦᠰᠦᠲᠡᠨ᠂ 1982 ᠣᠨ ᠤ 11 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠲᠣ ᠤᠯᠠᠭᠠᠨᠬᠠᠳᠠ ᠬᠤᠲᠠ ᠶᠢᠨ ᠰᠠᠶᠢᠬᠠᠨ ᠬᠠᠨ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠶ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ︔      ᠯᠢ ᠪᠠᠶ ᠶᠠᠩ᠂ ᠡᠷᠡᠭᠲᠡᠶ᠂ ᠬᠢᠲᠠᠳ ᠦᠨᠳᠦᠰᠦᠲᠡᠨ᠂ 1985 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠠᠭᠠᠨᠮᠥ᠋ᠷᠡᠨ ᠰᠤᠮᠤ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ︔      ᠴᠢ ᠬᠤᠸᠠᠨ᠂ ᠡᠷᠡᠭᠲᠡᠶ᠂ ᠮᠣᠩᠭᠤᠯ ᠦᠨᠳᠦᠰᠦᠲᠡᠨ᠂ 1990 ᠣᠨ ᠤ 5 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠰᠤᠪᠤᠷᠭ᠎ᠠ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ ᠤ ᠲᠤᠰᠢᠶᠠᠯ ᠢ ᠡᠭᠦᠷᠭᠡᠯᠡᠵᠦ ᠪᠣᠶ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠣᠶ︔      ᠬᠠᠨ ᠰᠥᠩ᠂ ᠡᠷᠡᠭᠲᠡᠶ᠂ ᠮᠣᠩᠭᠤᠯ ᠦᠨᠳᠦᠰᠦᠲᠡᠨ᠂ 1991 ᠣᠨ ᠤ 5 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠶᠠᠨᠬᠤᠰᠢᠭᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠶ᠂ ᠰᠤᠮᠤ ᠪᠠᠯᠭᠠᠰᠤᠨ ᠤ ᠨᠠᠮ ᠤᠨ  ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃      ᠯᠢ ᠴᠦᠨ ᠷᠦᠩ᠂ ᠡᠮᠡᠭᠲᠡᠶ᠂ ᠮᠣᠩᠭᠤᠯ ᠦᠨᠳᠦᠰᠦᠲᠡᠨ᠂ 1997 ᠣᠨ ᠤ 2 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠠᠭᠠᠨᠨᠠᠭᠤᠷ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠭᠡᠰᠢᠭᠦᠴᠢ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ       ᠴᠧᠩ ᠭᠥᠩ᠂ ᠡᠮᠡᠭᠲᠡᠢ᠂ ᠬᠢᠲᠠᠳ ᠦᠨᠳᠦᠰᠦᠲᠡᠨ᠂ 1997 ᠣᠨ 2 ᠰᠠᠷ᠎ᠠ ᠳᠤ ᠲᠥᠷᠥᠵᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠭᠡᠰᠢᠭᠦᠨ᠂ ᠣᠳᠣ ᠳ᠋ᠠᠪᠠᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠭᠡᠰᠢᠭᠦᠴᠢ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      2025 ᠣᠨ ᠤ 2 ᠰᠠᠷ᠎ᠠ ᠶᠢᠨ 20᠎ ᠤ ᠡᠳᠦᠷ ᠠᠴᠠ 2025 ᠣᠨ ᠤ 2 ᠰᠠᠷ᠎ᠠ ᠶᠢᠨ 26᠎ ᠤ ᠡᠳᠦᠷ ᠪᠣᠯᠲᠠᠯ᠎ᠠ᠃ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠡ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃      ᠠᠯᠪᠠᠨ ᠭᠡᠷ ᠢ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ 511 ᠳᠠᠰᠤᠭ ᠲᠤ ᠳᠤᠬᠢᠷᠠᠭᠤᠯᠪᠠ᠃      ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 - 11᠄ 30     ᠦᠳᠡ ᠶᠢᠨ ᠬᠤᠶᠢᠨ᠎ᠠ 2᠄ 30 - 5᠄ 30      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵04776︶ 12380                     ᠣᠨᠴᠠᠭᠠᠶᠢᠯᠠᠨ ᠵᠠᠷᠯᠠᠪᠠ              ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                           2025 ᠣᠨ ᠤ 2 ᠰᠠᠷ᠎ᠠ ᠶᠢᠨ 19᠎ ᠤ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ