| | | ᠤᠯᠠᠩᠬᠢ ᠬᠦᠮᠦᠰ ᠪᠡᠶ᠎ᠡ ᠶᠢᠨ ᠪᠠᠶᠢᠴᠠᠭᠠᠯᠳᠠ ᠶᠢ ᠬᠡᠳᠦᠢ ᠠᠷᠪᠢᠨ ᠬᠢᠪᠡᠯ ᠪᠠᠶᠢᠴᠠᠭᠠᠯᠳᠠ ᠨᠢ ᠬᠡᠳᠦᠢ ᠪᠦᠷᠢᠨ ᠬᠦᠢᠴᠡᠳ ᠭᠡᠵᠤ ᠦᠵᠡᠳᠡᠭ᠂ ᠦᠨᠡᠨ ᠳᠡᠭᠡᠨ | ᠳᠡᠶᠢᠮᠦ ᠪᠢᠰᠢ ᠪᠠᠶᠢᠬ᠎ᠠ᠃ ᠠᠳᠠᠯᠢ ᠪᠤᠰᠤ ᠨᠠᠰᠤᠨ ᠤ ᠬᠦᠮᠦᠰ ᠲᠤ ᠠᠳᠠᠯᠢ ᠪᠤᠰᠤ ᠶᠢᠨ ᠪᠠᠶᠢᠴᠠᠭᠠᠯᠳᠠ ᠶᠢᠨ ᠭᠤᠤᠯᠳᠠᠯᠭ᠎ᠠ ᠪᠤᠢ᠃ | ᠰᠤᠷᠭᠠᠭᠤᠯᠢ ᠶᠢᠨ ᠨᠠᠰᠤᠨ ᠤ ᠬᠡᠦᠭᠡᠳ ᠪᠠᠭᠠᠴᠤᠳ ᠵᠠᠯᠠᠭᠤᠴᠤᠳ᠄ ᠰᠤᠷᠭᠠᠭᠤᠯᠢ ᠶᠢᠨ ᠳᠤᠬᠢᠷᠠᠭᠤᠯᠤᠯᠳᠠ ᠶᠢ ᠦᠨᠳᠦᠰᠦᠯᠡᠨ ᠪᠡᠶ᠎ᠡ ᠶᠢᠨ ᠪᠠᠶᠢᠴᠠᠭᠠᠯᠳᠠ | ᠬᠢᠵᠤ ᠪᠤᠯᠤᠨ᠎ᠠ᠃ ᠬᠡᠦᠭᠡᠳ ᠤᠨ ᠪᠤᠶᠢᠵᠢᠯᠳᠠ ᠶᠢᠨ ᠪᠠᠶᠢᠳᠠᠯ᠂ ᠨᠢᠳᠤᠨ ᠬᠠᠷᠠᠭ᠎ᠠ ᠶᠢᠨ ᠪᠠᠶᠢᠳᠠᠯ ᠢ ᠪᠠᠶᠢᠴᠠᠭᠠᠬᠤ ᠶᠢ ᠬᠦᠨᠳᠦᠳᠭᠡᠵᠤ ᠮᠡᠳᠡᠨ᠎ᠡ᠃ | 18 ᠠᠴᠠ 30 ᠨᠠᠰᠤᠨ ᠤ ᠬᠦᠮᠦᠰ᠄ ᠡᠨᠡ ᠨᠠᠰᠤᠨ ᠤ ᠬᠦᠮᠦᠰ ᠤᠨ ᠪᠡᠶ᠎ᠠ ᠮᠠᠬᠠᠪᠤᠳ ᠨᠢ ᠡᠷᠡᠭᠦᠯ ᠴᠢᠬᠢᠷᠠᠭ ᠪᠠᠶᠢᠳᠠᠭ ᠪᠤᠯᠬᠤᠷ 1 — 2 ᠵᠢᠯ ᠳᠤ | ᠨᠢᠭᠡ ᠤᠳᠠᠭ᠎ᠠ ᠶᠢᠨ ᠪᠡᠶ᠎ᠠ ᠶᠢᠨ ᠪᠠᠶᠢᠴᠠᠭᠠᠯᠳᠠ ᠬᠢᠵᠤ᠂ ᠴᠢᠰᠤᠨ ᠳᠠᠷᠤᠯᠳᠠ᠂ ᠴᠢᠰᠤᠨ ᠰᠢᠬᠢᠷ᠂ ᠴᠢᠰᠤᠨ ᠤ ᠦᠭᠡᠭᠦ ᠵᠢᠴᠢ ᠡᠯᠢᠭᠡ ᠪᠦᠭᠡᠷ᠎ᠠ ᠶᠢᠨ ᠠᠵᠢᠯᠯᠠᠭ᠎ᠠ ᠶᠢᠨ | ᠳᠤᠬᠠᠢ ᠡᠩ ᠤᠨ ᠪᠠᠶᠢᠴᠠᠭᠠᠯᠳᠠ ᠬᠢᠵᠤ ᠪᠤᠯᠤᠨ᠎ᠠ᠃ | 30 ᠠᠴᠠ 40 ᠨᠠᠰᠤᠨ ᠤ ᠬᠦᠮᠦᠰ᠄ ᠵᠢᠯ ᠪᠦᠷᠢ ᠨᠢᠭᠡ ᠤᠳᠠᠭ᠎ᠠ ᠶᠢᠨ ᠪᠡᠶ᠎ᠡ ᠶᠢᠨ ᠪᠠᠶᠢᠴᠠᠭᠠᠯᠳᠠ ᠬᠢᠬᠦ ᠶᠢ ᠰᠠᠨᠠᠭᠤᠯᠤᠶ᠎ᠠ᠃ ᠤᠨᠴᠠᠭᠠᠶᠢᠯᠠᠨ ᠡᠳᠦᠷ | ᠳᠤᠳᠤᠮ ᠤᠨ ᠢᠳᠡᠭᠡᠨ ᠤᠮᠳᠠᠭᠠᠨ ᠨᠢ ᠵᠢᠮ᠎ᠡ ᠭᠤᠷᠢᠮ ᠦᠭᠡᠢ᠂ ᠬᠦᠳᠡᠯᠭᠡᠭᠡᠨ ᠳᠤᠳᠠᠮᠠᠭ᠂ ᠠᠷᠢᠬᠢ ᠳᠠᠮᠠᠬᠢ ᠳᠤ ᠪᠠᠭ᠋ᠠᠳᠠᠢ ᠬᠦᠮᠦᠰ ᠨᠢ ᠵᠢᠷᠦᠭᠡ ᠴᠢᠰᠤᠨ | ᠰᠤᠳᠠᠯ ᠤᠨ ᠡᠷᠡᠭᠦᠯ ᠮᠡᠨᠳᠤ᠂ ᠪᠠᠮᠪᠠᠢ ᠪᠤᠯᠴᠢᠷᠬᠠᠢ ᠶᠢᠨ ᠠᠵᠢᠯᠯᠠᠭ᠎ᠠ ᠵᠡᠷᠭᠡ ᠶᠢᠨ ᠪᠠᠶᠢᠴᠠᠭᠠᠯᠳᠠ ᠶᠢ ᠨᠡᠮᠡᠨ ᠬᠢᠵᠤ᠂ ᠴᠢᠰᠤᠨ ᠳᠠᠷᠤᠯᠳᠠ᠂ ᠴᠢᠰᠤᠨ ᠰᠢᠬᠢᠷ ᠤᠨ | ᠬᠡᠮᠵᠢᠶ᠎ᠡ ᠪᠠᠨ ᠡᠬᠢᠯᠡᠨ ᠠᠩᠬᠠᠷᠬᠤ ᠴᠢᠬᠤᠯᠠᠳᠠᠢ᠃ | ᠢᠳᠡᠷ ᠨᠠᠰᠤᠨ ᠤ ᠡᠷᠡᠭᠳᠡᠶᠢᠴᠤᠳ ᠲᠤ ᠵᠢᠷᠦᠭᠡ ᠴᠢᠰᠤᠨ ᠰᠤᠳᠠᠯ ᠤᠨ ᠡᠪᠡᠳᠴᠢᠨ᠂ ᠡᠯᠢᠭᠡ ᠦᠭᠡᠭᠦᠯᠡᠭᠦ᠂ ᠤᠷᠢᠳᠤ ᠪᠤᠯᠴᠢᠷᠬᠠᠢ ᠶᠢᠨ ᠡᠪᠡᠳᠴᠢᠨ ᠤ | ᠲᠦᠭᠰᠢᠭᠦᠷᠢ ᠨᠡᠮᠡᠭᠳᠡᠳᠡᠭ ᠪᠤᠯᠬᠤᠷ ᠭᠤᠤᠯᠳᠠᠭᠤ ᠴᠢᠰᠤᠨ ᠤ ᠦᠭᠡᠭᠦ᠂ ᠡᠯᠢᠭᠡᠨ ᠤ ᠠᠵᠢᠯᠯᠠᠭ᠎ᠠ᠂ ᠵᠢᠷᠦᠭᠡᠨ ᠤ ᠴᠠᠬᠢᠯᠭᠠᠨ ᠵᠢᠷᠤᠭ᠂ ᠤᠷᠢᠳᠤ ᠪᠤᠯᠴᠢᠷᠬᠠᠢ ᠶᠢᠨ | ᠤᠨᠴᠠᠭᠠᠢ ᠦᠳᠦᠭᠡᠭᠴᠢ ︵ PSA︶ ᠶᠢᠨ ᠪᠠᠶᠢᠴᠠᠭᠠᠯᠳᠠ ᠬᠢᠯᠭᠡᠭᠦ ᠶᠢ ᠠᠩᠬᠠᠷᠬᠤ ᠬᠡᠷᠡᠭᠳᠠᠢ᠃ | ᠢᠳᠡᠷ ᠨᠠᠰᠤᠨ ᠤ ᠡᠮᠡᠭᠳᠠᠶᠢᠴᠤᠳ ᠬᠦᠭᠦᠨ ᠪᠤᠯᠴᠢᠷᠬᠠᠢ ᠶᠢᠨ ᠦᠮᠡᠨ᠂ ᠪᠠᠮᠪᠠᠢ ᠪᠤᠯᠴᠢᠷᠬᠠᠢ ᠶᠢᠨ ᠡᠪᠡᠳᠴᠢᠨ᠂ ᠶᠠᠰᠤ ᠰᠡᠶᠢᠷᠡᠭᠵᠢᠭᠦ ᠵᠡᠷᠭᠡ ᠡᠪᠡᠳᠴᠢᠨ | ᠡᠮᠭᠡᠭ ᠤᠨ ᠲᠦᠭᠰᠢᠭᠦᠷᠢ ᠨᠡᠮᠡᠭᠳᠡᠳᠡᠭ ᠪᠤᠯᠬᠤᠷ ᠭᠤᠤᠯᠳᠠᠭᠤ ᠬᠦᠬᠦᠨ ᠪᠤᠯᠴᠢᠷᠬᠠᠢ ᠶᠢᠨ ᠦᠩᠭᠡᠳᠤ ᠬᠡᠳᠤ ᠳᠤᠯᠬᠢᠶᠠᠨ ᠪᠤᠶᠤ ᠮᠤᠯᠢᠪᠳᠧᠨ᠂ ᠪᠠᠮᠪᠠᠢ ᠪᠤᠯᠴᠢᠷᠬᠠᠢ ᠶᠢᠨ | ᠴᠢᠳᠠᠮᠵᠢ᠂ ᠶᠠᠰᠤᠨ ᠤ ᠨᠢᠭᠳᠠᠴᠠ ᠶᠢᠨ ᠪᠠᠶᠢᠴᠠᠭᠠᠯᠳᠠ ᠬᠢᠭᠦ ᠶᠢ ᠬᠦᠨᠳᠦᠳᠭᠡᠭᠦ ᠴᠢᠬᠤᠯᠠᠳᠠᠢ᠃ | 60 ᠨᠠᠰᠤᠨ ᠠᠴᠠ ᠳᠡᠭᠡᠭᠰᠢᠬᠢ ᠬᠦᠮᠦᠰ᠄ ᠡᠷᠬᠡᠪᠰᠢ ᠵᠢᠯ ᠪᠦᠷᠢ ᠨᠢᠭᠡ ᠤᠳᠠᠭ᠎ᠠ ᠪᠡᠶ᠎ᠠ ᠶᠢᠨ ᠪᠠᠶᠢᠴᠠᠭᠠᠯᠳᠠ ᠬᠢᠭᠦ ᠬᠡᠷᠡᠭᠳᠠᠢ᠃ ᠳᠤᠰ ᠪᠡᠶ᠎ᠠ ᠶᠢᠨ | ᠡᠪᠡᠳᠴᠢᠨ ᠤ ᠳᠡᠦᠭᠡ ᠲᠠᠢ ᠪᠠᠨ ᠤᠶᠠᠯᠳᠤᠭᠤᠯᠤᠨ ᠭᠤᠤᠯᠳᠠᠯᠭ᠎ᠠ ᠲᠠᠢ ᠵᠦᠢᠯᠡᠰ᠂ ᠵᠢᠱᠢᠶᠡᠯᠡᠪᠡᠯ ᠵᠢᠷᠦᠭᠡ ᠳᠠᠷᠢᠬᠢᠨ ᠤ ᠴᠢᠰᠤᠨ ᠰᠤᠳᠠᠯ᠂ ᠬᠠᠪᠤᠳᠠᠷ ᠢ ᠰᠢᠭᠰᠢᠨ | ᠪᠠᠶᠢᠴᠠᠭᠠᠬᠤ ᠵᠡᠷᠭᠡ ᠪᠠᠶᠢᠴᠠᠭᠠᠯᠳᠠ ᠶᠢ ᠬᠢᠯᠭᠡᠵᠤ ᠪᠤᠯᠤᠨ᠎ᠠ᠃ ᠵᠢᠷᠦᠭᠡ ᠳᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ᠂ ᠬᠠᠪᠤᠳᠠᠷ | ᠵᠡᠷᠭᠡ ᠤᠯᠠᠨ ᠡᠭᠦᠰᠭᠦ ᠡᠪᠡᠳᠴᠢᠨ ᠤ ᠵᠦᠢᠯ ᠪᠤᠢ᠂ ᠬᠦᠵᠦᠭᠦᠨ ᠤ ᠳᠠᠷᠬᠠᠭᠠᠬᠤ ᠰᠤᠳᠠᠯ ᠤᠨ ᠪᠤᠳᠤᠭᠳᠤ ᠬᠡᠳᠤ ᠳᠤᠯᠬᠢᠶᠠᠨ᠂ ᠰᠢᠬᠢᠷᠵᠢᠭᠰᠡᠨ ᠴᠢᠰᠤᠨ ᠤ ᠤᠯᠠᠭᠠᠨ | ᠤᠭᠤᠷᠠᠭ᠂ ᠪᠠᠭ᠎ᠠ ᠬᠡᠮᠵᠢᠶᠡᠨ ᠤ CT᠂ ᠬᠤᠳᠤᠭᠤᠳᠤ ᠭᠡᠳᠡᠰᠤᠨ ᠤ ᠳᠤᠷᠠᠨ ᠵᠡᠷᠭᠡ ᠵᠦᠢᠯᠡᠰ ᠢ ᠪᠠᠰᠠ ᠬᠢᠪᠡᠯ ᠵᠤᠬᠢᠨ᠎ᠠ᠃ | ᠡᠭᠦᠨ ᠠᠴᠠ ᠭᠠᠳᠠᠨ᠎ᠠ᠂ ᠢᠳᠡᠷ ᠦᠳᠡᠯᠦᠭᠡ ᠨᠠᠰᠤᠨ ᠤ ᠬᠦᠮᠦᠰ ᠦᠮᠡᠨ ᠡᠪᠡᠳᠴᠢᠨ ᠤ ᠰᠢᠭᠰᠢᠨ ᠪᠠᠶᠢᠴᠠᠭᠠᠯᠳᠠ ᠶᠢ ᠬᠢᠪᠠᠯ ᠰᠠᠶᠢᠨ᠃ ᠡᠬᠢᠨ ᠤ | ᠬᠤᠭᠤᠴᠠᠭᠠᠨ ᠤ ᠰᠢᠭᠰᠢᠨ ᠪᠠᠶᠢᠴᠠᠭᠠᠯᠳᠠ ᠨᠢ ᠦᠮᠠᠨ ᠡᠪᠡᠳᠴᠢᠨ ᠤ ᠡᠳᠡᠭᠡᠷᠡᠭᠦ ᠨᠤᠷᠮ᠎ᠠ ᠶᠢ ᠳᠡᠭᠡᠭᠰᠢᠯᠡᠭᠦᠯᠳᠡᠭ ᠪᠤᠯᠬᠤᠷ CEA ︵ᠡᠯ᠎ᠡ ᠲᠦᠷᠦᠯ ᠤᠨ ᠦᠮᠡᠨ | ᠡᠪᠡᠳᠴᠢᠨ︶᠂ AFP ︵ᠡᠯᠢᠭᠡᠨ ᠦᠮᠡᠨ︶᠂ CYFRA 21 — 1 ︵ᠠᠭᠤᠰᠭᠢᠨ ᠦᠮᠡᠨ︶᠂ NSE ︵ᠠᠭᠤᠰᠭᠢᠨ ᠦᠮᠡᠨ︶᠂ CA 19 — | 9 ︵ᠨᠦᠢᠷ ᠤᠨ ᠪᠤᠯᠴᠢᠷᠬᠠᠢ᠂ ᠰᠦᠰᠤᠨ ᠴᠤᠷᠭᠤ ᠶᠢᠨ ᠦᠮᠡᠨ︶ ᠵᠡᠷᠭᠡ ᠪᠠᠶᠢᠴᠠᠭᠠᠯᠳᠠ ᠶᠢᠨ ᠵᠦᠢᠯᠡᠰ ᠢ ᠰᠤᠩᠭᠤᠨ ᠬᠢᠵᠤ ᠪᠤᠯᠤᠨ᠎ᠠ᠃ ᠡᠷᠡᠭᠳᠡᠢ ᠬᠦᠮᠦᠨ PSA | ︵ᠤᠷᠢᠳᠤ ᠪᠤᠯᠴᠢᠷᠬᠠᠢ ᠶᠢᠨ ᠦᠮᠡᠨ︶ ᠶᠢᠨ ᠪᠠᠶᠢᠴᠠᠭᠠᠯᠳᠠ ᠶᠢ ᠨᠡᠮᠡᠨ ᠬᠢᠯᠭᠡᠵᠤ ᠪᠤᠯᠤᠨ᠎ᠠ᠃ ᠡᠮᠡᠭᠳᠡᠢ ᠬᠦᠮᠦᠨ CA125 ︵ᠦᠨᠳᠡᠭᠡᠪᠴᠢ ᠶᠢᠨ ᠦᠮᠡᠨ︶᠂ | CA 15 — 3 ︵ᠬᠦᠬᠦᠨ ᠪᠤᠯᠴᠢᠷᠬᠠᠢ ᠶᠢᠨ ᠦᠮᠡᠨ︶ ᠶᠢᠨ ᠪᠠᠶᠢᠴᠠᠭᠠᠯᠳᠠ ᠶᠢ ᠨᠡᠮᠡᠨ ᠬᠢᠵᠤ ᠪᠤᠯᠤᠨ᠎ᠠ᠃ ᠰᠢᠭᠰᠢᠨ ᠪᠠᠶᠢᠴᠠᠭᠠᠬᠤ ᠦᠶ᠎ᠡ ᠳᠤ ᠬᠠᠪᠤᠳᠠᠷ ᠤᠨ | ᠳᠡᠮᠳᠡᠭ ᠪᠤᠳᠠᠰ ᠢ ᠵᠢᠷᠤᠭ ᠳᠦᠷᠰᠦ ᠶᠢᠨ ᠤᠬᠠᠭᠠᠨ ᠤ ᠪᠠᠶᠢᠴᠠᠭᠠᠯᠳᠠ ᠲᠠᠢ ᠤᠶᠠᠯᠳᠤᠭᠤᠯᠤᠨ ᠬᠢᠯᠪᠡᠯ ᠨᠡᠩ ᠤᠨᠤᠪᠴᠢᠳᠠᠢ ᠪᠤᠯᠤᠨ᠎ᠠ᠃ |