ᠪᠠᠭᠠᠷᠢᠨ ᠪᠠᠷᠠᠭᠤᠨ ᠬᠤᠰᠢᠭᠤᠨ ᠤ ᠵᠠᠭᠤᠨ ᠡᠳᠦᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2025/3/18
  ᠥᠷᠭᠡᠨ ᠣᠯᠠᠨ ᠬᠤᠲᠠ ᠶᠢᠨ ᠠᠷᠠᠳ᠂ ᠵᠢᠯᠣᠭᠤᠴᠢ ᠨᠠᠶᠢᠵᠠ ᠨᠠᠷ ᠡ᠄      ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠰᠡᠷᠭᠡᠶᠢᠯᠡᠨ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠥᠬᠦ ᠬᠤᠰᠢᠭᠤᠨ ᠳᠤ ᠠᠮᠤᠷ ᠲᠦᠪᠰᠢᠨ ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ 3 ᠰᠠᠷ᠎ᠠ ᠶᠢᠨ 15᠎ ᠤ ᠡᠳᠦᠷ ᠠᠴᠠ 6 ᠰᠠᠷ᠎ᠠ ᠶᠢᠨ 22᠎ ᠤ ᠡᠳᠦᠷ ᠪᠣᠯᠲᠠᠯ᠎ᠠ᠂ ᠵᠠᠭᠤᠨ ᠡᠳᠦᠷ ᠤᠨ ᠬᠤᠭᠤᠴᠠᠭ᠎ᠠ ᠲᠠᠢ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ᠨᠢᠭᠡ᠂ ᠭᠤᠣᠯᠳᠠᠯᠭ᠎ᠠ ᠲᠠᠢ ᠣᠷᠣᠨ ᠪᠦᠰᠡ ᠶᠢ ᠴᠡᠭᠴᠡᠯᠡᠨ ᠵᠠᠰᠠᠨ᠎ᠠ     ᠪᠥᠬᠦ ᠬᠤᠰᠢᠭᠤᠨ ᠤ ᠬᠡᠪᠴᠢᠶᠡᠨ ᠳᠠᠬᠢ ᠬᠤᠲᠠ ᠶᠢᠨ ᠲᠣᠭᠤᠷᠢᠭ ᠤᠨ ᠭᠤᠤᠯ ᠵᠠᠮ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠤᠯᠤᠰ ᠤᠨ ᠮᠤᠵᠢ ᠶᠢᠨ ᠵᠠᠮ᠂ ᠮᠠᠯᠵᠢᠬᠤ ᠲᠠᠷᠢᠶᠠᠯᠠᠬᠤ ᠣᠷᠣᠨ ᠤ ᠵᠠᠮ ᠵᠡᠷᠭᠡ ᠶᠢ ᠬᠠᠮᠤᠷᠴᠤ᠂ ᠢᠯᠠᠩᠭᠤᠶ᠎ᠠ ᠠᠳᠡᠯ ᠣᠯᠠᠨ ᠭᠠᠷᠳᠠᠭ ᠬᠡᠰᠡᠭ᠂ ᠰᠤᠷᠭᠠᠭᠤᠯᠢ ᠶᠢᠨ ᠡᠷᠬᠢᠨ ᠲᠣᠭᠤᠷᠢᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠬᠢᠨ ᠲᠣᠭᠤᠷᠢᠨ᠂ ᠬᠤᠳᠠᠯᠳᠤᠭ᠎ᠠ ᠬᠥᠭᠵᠢᠶᠡᠨ ᠲᠠᠢ ᠭᠠᠵᠠᠷ ᠵᠡᠷᠭᠡ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ ᠶᠡᠭᠡ᠂ ᠠᠮᠤᠷ ᠲᠦᠪᠰᠢᠨ ᠤ ᠳᠠᠯᠳᠠ ᠬᠡᠮ ᠲᠣᠪᠤᠶᠢᠮ᠎ᠠ ᠣᠷᠣᠨ ᠪᠦᠰᠡ ᠶᠢ ᠪᠠᠭᠲᠠᠭᠠᠨ᠎ᠠ᠃ᠬᠤᠶᠠᠷ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ     1. ᠮᠠᠰᠢᠨᠲᠤ ᠲᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ     — ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠬᠤᠣᠷ ᠲᠠᠳᠠᠵᠦ ᠲᠡᠷᠭᠡ ᠵᠢᠯᠤᠭᠤᠳᠬᠤ ᠵᠡᠷᠭᠡ ᠠᠶᠤᠯ ᠲᠠᠢ ᠲᠡᠷᠭᠡ ᠵᠢᠯᠣᠭᠤᠳᠬᠤ ᠠᠵᠢᠯᠯᠠᠭ᠎ᠠ᠃     — ᠬᠡᠲᠦ ᠬᠤᠷᠳᠤᠴᠠ ᠪᠠᠷ ᠵᠢᠯᠣᠭᠤᠳᠬᠤ᠂ ᠶᠠᠳᠠᠷᠠᠭᠤ ᠪᠠᠷ ᠲᠡᠷᠭᠡ ᠵᠢᠯᠣᠭᠤᠳᠬᠤ᠂ ᠤᠯᠠᠭᠠᠨ ᠳ᠋ᠧᠩ ᠢ ᠳᠠᠪᠠᠭ᠋ᠤ᠂ ᠰᠥᠷᠭᠡᠤ ᠴᠢᠭᠯᠡᠯ ᠢᠶᠠᠷ ᠶᠠᠪᠤᠬᠤ᠂ ᠲᠣᠭᠲᠠᠭᠰᠠᠨ ᠲᠡᠷᠭᠡᠨ ᠵᠠᠮ ᠢᠶᠠᠷ ᠶᠠᠪᠤᠬᠤ ᠥᠬᠡᠶ ᠵᠡᠷᠭᠡ ᠬᠦᠨᠳᠦ ᠨᠣᠴᠢᠲᠠᠶ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃     — ᠮᠠᠰᠢᠨᠲᠤ ᠲᠡᠷᠭᠡ ᠫᠠᠶᠢᠰᠠ ᠦᠨᠡᠮᠯᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠨ ᠳᠤ ᠮᠠᠰᠢᠨᠲᠤ ᠲᠡᠷᠭᠡᠨ ᠤ ᠫᠠᠶᠢᠰᠠ᠂ ᠵᠠᠮ ᠳᠤ ᠭᠠᠷᠬᠤ ᠦᠨᠡᠮᠯᠡᠯ᠂ ᠵᠢᠯᠣᠭᠤᠴᠢ ᠶᠢᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠪᠣᠬᠢᠷᠲᠤᠭᠤᠯᠤᠭᠰᠠᠨ ᠫᠠᠶᠢᠰᠠ᠂ ᠫᠠᠶᠢᠰᠠ ᠥᠬᠡᠶ ᠦᠨᠡᠮᠯᠡᠯ ᠦᠭᠡᠢ ᠪᠠᠷ ᠵᠠᠮ ᠳᠤ ᠭᠠᠷᠴᠤ ᠶᠠᠪᠤᠬᠤ ᠵᠡᠷᠭᠡ ᠪᠠᠭᠲᠠᠨ᠎ᠠ᠃     — ᠪᠠᠷᠠᠭᠠᠨ ᠤ ᠲᠡᠷᠭᠡ ᠶᠢᠨ ᠳᠠᠭᠠᠭᠠᠴᠠ ᠠᠴᠠ ᠬᠡᠲᠦᠷᠡᠭᠦᠯᠬᠦ᠂ ᠬᠡᠮᠵᠢᠶ᠎ᠡ ᠠᠴᠠ ᠬᠡᠲᠦᠷᠡᠭᠦᠯᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠲᠣᠭᠲᠠᠭᠰᠠᠨ ᠴᠠᠭ᠂ ᠵᠠᠮ ᠱᠤᠭᠤᠮ ᠢᠶᠠᠷ ᠶᠠᠪᠤᠭᠤᠯᠬᠤ ᠦᠭᠡᠢ᠂ ᠠᠴᠢᠶᠠᠯᠠᠨ ᠲᠡᠭᠡᠭᠡᠪᠦᠷᠢᠯᠡᠬᠦ ᠪᠣᠳᠠᠰ ᠢ ᠪᠠᠭᠤᠯᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃     — ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠮᠦᠨ ᠤ ᠲᠤᠭ᠎ᠠ ᠠᠴᠠ ᠬᠡᠲᠦᠷᠡᠭᠰᠡᠨ᠂ ᠲᠣᠭᠲᠠᠭᠠᠭᠰᠠᠨ ᠥᠷᠲᠡᠭᠡ ᠴᠡᠭ ᠲᠤ ᠵᠣᠭᠰᠣᠭᠰᠠᠨ ᠦᠬᠡᠢ᠂ ᠥᠷᠯᠥᠭᠡ ᠶᠢᠨ 2 ᠴᠠᠭ ᠠᠴᠠ 5 ᠴᠠᠭ ᠪᠣᠯᠲᠠᠯ᠎ᠠ ᠲᠣᠭᠲᠠᠭᠠᠯ ᠠᠴᠠ ᠵᠥᠷᠢᠴᠡᠨ ᠠᠶᠠᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃     —ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ᠂ ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃     — ᠫᠠᠶᠢᠰᠠ ᠦᠨᠡᠮᠯᠡᠯ ᠦᠭᠡᠶ ᠲᠡᠷᠭᠡ ᠬᠥᠰᠬᠡ᠄ ᠫᠠᠶᠢᠰᠠ ᠦᠨᠡᠮᠯᠡᠯ ᠦᠭᠡᠶ ᠮᠣᠲ᠋ᠣᠷ ᠲᠡᠷᠭᠡ᠂ ᠳᠣᠣᠷ᠎ᠠ ᠬᠤᠷᠳᠤᠴᠠᠲᠤ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ᠂ ᠭᠤᠷᠪᠠᠨ ᠬᠦᠷᠳᠦᠲᠦ ᠮᠠᠰᠢᠨ ᠲᠡᠷᠭᠡ ᠵᠡᠷᠭᠡ ᠡᠶᠢᠮᠦᠷᠬᠦ ᠮᠠᠶ᠋ᠢᠭ ᠤᠨ ᠲᠡᠷᠭᠡ ᠬᠥᠰᠬᠡ ᠶᠢ ᠵᠠᠮ ᠳᠤ ᠭᠠᠷᠭᠠᠵᠤ ᠶᠠᠪᠤᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃     — ᠬᠠᠤᠯᠢ ᠪᠤᠰᠤ ᠪᠠᠷ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ᠄ ᠲᠡᠷᠭᠡ ᠬᠥᠰᠬᠡ ᠳᠤ ᠬᠠᠤᠯᠢ ᠪᠤᠰᠤ ᠪᠠᠷ ᠰᠠᠭᠤᠳᠠᠯ ᠨᠡᠮᠡᠵᠦ ᠤᠭᠰᠠᠷᠠᠬᠤ᠂ ᠪᠠᠷᠠᠭᠠᠨ ᠤ ᠬᠠᠶᠢᠷᠴᠠᠭ ᠢ ᠥᠭᠡᠷᠡᠴᠢᠯᠡᠨ ᠤᠭᠰᠠᠷᠠᠬᠤ ᠵᠡᠷᠭᠡ ᠦᠢᠯᠡ ᠠᠵᠢᠯᠯᠠᠭ᠎ᠠ ᠪᠠᠶᠢᠬᠤ ᠡᠰᠡᠬᠦ ᠶᠢ ᠪᠠᠶᠢᠴᠠᠭᠠᠨ᠎ᠠ᠃     — ᠬᠡᠷᠡᠭᠴᠡᠭᠡ ᠠᠴᠠ ᠭᠠᠷᠤᠭᠰᠠᠨ ᠲᠡᠷᠭᠡ ᠬᠥᠰᠬᠡ᠄ ᠴᠡᠪᠡᠷᠯᠡᠨ ᠠᠷᠢᠯᠭᠠᠭᠠᠳ ᠬᠡᠷᠡᠭᠴᠡᠭᠡ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠪᠣᠯᠪᠠᠴᠤ ᠮᠥᠨ ᠬᠦ ᠬᠡᠷᠡᠭᠯᠡᠵᠦ ᠪᠠᠶᠢᠭ᠎ᠠ ᠲᠡᠷᠭᠡ ᠬᠥᠰᠬᠡ᠃2. ᠮᠠᠰᠢᠨᠲᠤ ᠪᠤᠰᠤ ᠲᠡᠷᠭᠡ ᠵᠢᠴᠢ ᠶᠠᠪᠠᠭᠠᠨ ᠬᠥᠮᠦᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ     — ᠮᠠᠰᠢᠨᠲᠤ ᠪᠤᠰᠤ ᠲᠡᠷᠭᠡ ᠤᠯᠠᠭᠠᠨ ᠳ᠋ᠧᠩ ᠢ ᠳᠠᠪᠠᠭ᠋ᠤ᠂ ᠰᠥᠷᠭᠡᠤ ᠶᠠᠪᠤᠬᠤ᠂ ᠮᠠᠰᠢᠨ ᠲᠡᠷᠭᠡᠨ ᠤ ᠵᠠᠮ ᠢᠶᠠᠷ ᠶᠠᠪᠤᠬᠤ᠂ ᠳᠤᠷ᠎ᠠ ᠪᠠᠷ ᠢᠶᠠᠨ ᠵᠠᠮ ᠣᠭᠲᠣᠯᠬᠤ ᠂ ᠨᠠᠷᠠ ᠬᠠᠯᠬᠠᠯᠠᠬᠤ ᠨᠥᠮᠥᠷᠭᠡ ᠨᠡᠮᠡᠵᠦ ᠤᠭᠰᠠᠷᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃      — ᠶᠠᠪᠠᠭᠠᠨ ᠬᠥᠮᠦᠨ ᠤᠯᠠᠭᠠᠨ ᠳ᠋ᠧᠩ ᠢ ᠵᠥᠷᠢᠴᠡᠬᠦ᠂ ᠶᠠᠪᠠᠭᠠᠨ ᠬᠥᠮᠦᠨ ᠤ ᠬᠥᠨᠳᠡᠯᠡᠨ ᠵᠠᠮ ᠢᠶᠠᠷ ᠶᠠᠪᠤᠬᠤ ᠥᠬᠡᠶ᠂ ᠵᠠᠮ ᠢ ᠲᠤᠰᠠᠭᠠᠷᠯᠠᠬᠤ ᠲᠥᠬᠦᠭᠡᠷᠦᠮᠵᠢ ᠶᠢ ᠳᠠᠪᠠᠭ᠋ᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃ᠭᠤᠷᠪᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ      ᠴᠡᠭᠴᠡᠯᠡᠨ ᠵᠠᠰᠠᠬᠤ ᠠᠵᠢᠯᠯᠠᠭ᠎ᠠ ᠳᠤᠮᠳᠠ ᠪᠠᠶᠢᠴᠠᠭᠠᠨ ᠣᠯᠤᠭᠰᠠᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠥᠷᠭᠡᠨ ᠣᠯᠠᠨ ᠬᠤᠲᠠ ᠶᠢᠨ ᠠᠷᠠᠳ᠂ ᠵᠢᠯᠣᠭᠤᠴᠢ ᠨᠠᠶᠢᠵᠠ ᠨᠠᠷ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠶ ᠬᠠᠮᠵᠢᠯᠴᠠᠨ᠂ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠶᠢ ᠬᠦᠰᠡᠵᠦ ᠪᠠᠶᠢᠨ᠎ᠠ᠃                                                    ᠣᠨᠴᠠᠭᠠᠶᠢᠯᠠᠨ ᠵᠠᠷᠯᠠᠪᠠ                            ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠣᠪᠴᠢᠶ᠎ᠠ ᠶᠢᠨ                             ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                                  2025 ᠣᠨ ᠤ 3 ᠰᠠᠷ᠎ᠠ ᠶᠢᠨ 15᠎ ᠤ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ