| | | ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠨᠣᠮ ᠤᠨ | ᠥᠷᠥᠭᠡ ᠶᠢᠨ ᠬᠡᠷᠡᠭᠯᠡᠯᠲᠡ᠂ ᠦᠢᠯᠡᠴᠢᠯᠡᠭᠡ ᠶᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ᠂ ᠴᠠᠭᠠᠨᠮᠥ᠋ᠷᠡᠨ ᠰᠤᠮᠤ ᠶᠢᠨ ᠮᠣᠳᠣᠨ ᠳᠤᠮᠳᠠ ᠭᠠᠴᠠᠭ᠎ᠠ᠂ | ᠰᠢᠪᠠᠷᠲᠠᠶ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠴᠠᠭᠠᠨᠮᠥ᠋ᠷᠡᠨ | ᠭᠤᠤᠯ ᠪᠠᠭ᠎ᠠ ᠰᠤᠷᠭᠠᠭᠤᠯᠢ᠂ ᠰᠢᠪᠠᠷᠲᠠᠶ ᠭᠤᠤᠯ ᠪᠠᠭ᠎ᠠ ᠰᠤᠷᠭᠠᠭᠤᠯᠢ ᠲᠠᠢ ᠬᠠᠮᠲᠤᠷᠠᠨ ᠲᠠᠯ᠎ᠠ ᠨᠤᠲᠤᠭ ᠤᠨ ᠨᠣᠮ ᠤᠨ ᠥᠷᠥᠭᠡ ᠶᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠮᠣᠳᠣᠨ ᠳᠤᠮᠳᠠ ᠭᠠᠴᠠᠭ᠎ᠠ ᠠᠴᠠ ᠴᠠᠭᠠᠨᠮᠥ᠋ᠷᠡᠨ ᠭᠤᠣᠯ ᠪᠠᠭ᠎ᠠ ᠰᠤᠷᠭᠠᠭᠤᠯᠢ ᠳᠤ 140 ᠳᠡᠪᠲᠡᠷ ᠨᠣᠮ ᠪᠢᠴᠢᠭ ᠢ | ᠰᠢᠯᠵᠢᠭᠦᠯᠵᠦ᠂ ᠰᠢᠪᠠᠷᠳᠠᠢ ᠭᠠᠴᠠᠭ᠎ᠠ ᠠᠴᠠ ᠰᠢᠪᠠᠷᠳᠠᠢ ᠭᠤᠣᠯ ᠪᠠᠭ᠎ᠠ ᠰᠤᠷᠭᠠᠭᠤᠯᠢ ᠳᠤ 200 ᠳᠡᠪᠲᠡᠷ ᠨᠣᠮ ᠪᠢᠴᠢᠭ ᠢ ᠬᠤᠶᠠᠷ ᠭᠤᠣᠯ ᠪᠠᠭ᠎ᠠ ᠰᠤᠷᠭᠠᠭᠤᠯᠢ ᠳᠤ | ᠰᠢᠯᠵᠢᠭᠦᠯᠦᠨ ᠣᠷᠣᠭᠤᠯᠵᠤ᠂ ᠠᠵᠢᠯᠲᠠᠳ ᠭᠤᠣᠯ ᠪᠠᠭ᠎ᠠ ᠰᠤᠷᠭᠠᠭᠤᠯᠢ ᠶᠢᠨ ᠠᠵᠢᠯᠲᠠᠳ ᠲᠠᠢ ᠴᠠᠭ ᠲᠤᠬᠠᠢ ᠳᠤᠨᠢ ᠵᠣᠯᠭᠠᠭᠤᠯᠵᠤ᠂ ᠨᠣᠮ ᠪᠢᠴᠢᠭ ᠤᠨ ᠭᠠᠷᠴᠠᠭ ᠨᠢ | ᠰᠤᠷᠤᠭᠴᠢᠳ ᠤᠨ ᠬᠡᠷᠡᠭᠴᠡᠭᠡ ᠶᠢ ᠦᠨᠡᠨᠬᠦ ᠬᠠᠩᠭᠠᠬᠤ ᠶᠢ ᠪᠠᠲᠤᠯᠠᠵᠤ᠂ ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ ᠳᠤᠷᠠᠲᠠᠢ᠂ ᠨᠣᠮ ᠤᠩᠰᠢᠬᠤ ᠳᠠᠭᠠᠨ | ᠴᠢᠳᠠᠮᠠᠭᠠᠢ ᠰᠤᠷᠭᠠᠭᠤᠯᠢ ᠶᠢᠨ ᠠᠭᠤᠷ ᠠᠮᠢᠰᠬᠤᠯ ᠢ ᠪᠤᠢ ᠪᠣᠯᠭᠠᠵᠤ᠂ ᠨᠡᠩ ᠤᠯᠠᠨ ᠰᠤᠷᠤᠭᠴᠢᠳ ᠢ ᠡᠯ᠎ᠡ ᠵᠦᠢᠯ ᠤᠨ ᠠᠳᠠᠯᠢ ᠪᠤᠰᠤ ᠠᠭᠤᠯᠭ᠎ᠠ ᠶᠢᠨ ᠨᠣᠮ | ᠪᠢᠴᠢᠭ ᠲᠠᠢ ᠣᠶᠢᠷᠠᠲᠤᠭᠤᠯᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ | ᠲᠠᠷᠠᠭᠠᠴᠢ ᠶᠢᠨ ᠠᠯᠬᠤᠮ ᠳᠤ᠂ ᠴᠠᠭᠠᠨᠮᠥ᠋ᠷᠡᠨ ᠰᠤᠮᠤ ᠠᠵᠢᠯᠯᠠᠭ᠎ᠠ ᠶᠢᠨ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ | ᠲᠠᠯ᠎ᠠ ᠨᠤᠲᠤᠭ ᠤᠨ ᠨᠣᠮ ᠤᠨ ᠥᠷᠥᠭᠡ ᠶᠢᠨ ᠨᠣᠮ ᠪᠢᠴᠢᠭ ᠤᠨ ᠨᠡᠭᠦᠳᠡᠯ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ | ᠨᠣᠮ ᠤᠨ ᠥᠷᠥᠭᠡ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠩ ᠣᠯᠠᠨ ᠰᠤᠷᠤᠭᠴᠢᠳ ᠢ ᠠᠳᠠᠯᠢ ᠪᠤᠰᠤ ᠬᠡᠪ ᠨᠠᠮᠪᠠ ᠪᠠ | ᠭᠤᠤᠯ ᠰᠡᠳᠦᠪᠲᠦ ᠨᠣᠮ ᠪᠢᠴᠢᠭ ᠲᠤ ᠣᠶᠢᠷᠠᠲᠤᠭᠤᠯᠵᠤ᠂ ᠰᠤᠷᠤᠭᠴᠢᠳ ᠤᠨ ᠨᠣᠮ ᠤᠩᠰᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠥᠬᠦ ᠠᠷᠠᠳ ᠤᠨ | ᠤᠩᠰᠢᠯᠭ᠎ᠠ ᠶᠢᠨ ᠤᠬᠠᠮᠰᠠᠷ ᠢ ᠴᠢᠩᠭᠠᠳᠬᠠᠵᠤ᠂ ᠪᠥᠬᠦ ᠠᠷᠠᠳ ᠤᠨ ᠤᠩᠰᠢᠯᠭ᠎ᠠ ᠶᠢᠨ ᠪᠠᠶᠢᠩᠭᠤᠵᠢᠭᠤᠯᠬᠤ᠂ ᠦᠷᠭᠦᠯᠵᠢᠯᠡᠭᠦᠯᠬᠦ ᠶᠢ ᠦᠨᠡᠨ ᠬᠦ ᠠᠬᠢᠭᠤᠯᠤᠨ᠎ᠠ᠃ |