| | ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠠᠶᠢᠵᠤ᠂ ᠮᠠᠯᠴᠢᠨ ᠲᠠᠷᠢᠶᠠᠴᠢᠳ ᠰᠢᠨ᠎ᠡ ᠨᠢᠭᠡ ᠡᠭᠡᠯᠵᠢ ᠶᠢᠨ ᠰᠦᠯᠢᠶᠥᠦ ᠪᠦᠷᠬᠦᠪᠴᠢ ᠶᠢ | ᠬᠤᠳᠠᠯᠳᠤᠨ ᠠᠪᠬᠤ ᠠᠵᠢᠯ ᠢᠶᠠᠨ ᠡᠬᠢᠯᠡᠭᠦᠯᠵᠦ᠂ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠪᠠ᠃ ᠲᠠᠨ ᠢ ᠬᠠᠪᠰᠤᠷᠴᠤ ᠬᠢᠷᠢ ᠲᠡᠩᠴᠡᠭᠰᠡᠨ ᠰᠦᠯᠢᠶᠥᠦ ᠪᠦᠷᠬᠦᠪᠴᠢ ᠶᠢ ᠰᠣᠩᠭᠤᠨ ᠬᠤᠳᠠᠯᠳᠤᠨ ᠠᠪᠤᠭᠤᠯᠵᠤ᠂ ᠰᠦᠯᠢᠶᠥᠦ | ᠪᠦᠷᠬᠦᠪᠴᠢ ᠶᠢ ᠵᠣᠬᠢᠰᠲᠠᠢ ᠬᠡᠷᠡᠭᠯᠡᠨ᠂ ᠦᠯᠡᠳᠡᠭᠳᠡᠯ ᠪᠦᠷᠬᠦᠪᠴᠢ ᠶᠢ ᠴᠠᠭ ᠲᠤᠬᠠᠢ ᠳᠤᠨᠢ ᠬᠤᠷᠢᠶᠠᠨ ᠠᠪᠬᠤ ᠶᠢᠨ ᠲᠥᠯᠥᠭᠡ ᠳᠣᠣᠷᠠᠬᠢ ᠮᠡᠲᠦ ᠬᠠᠯᠠᠭᠤᠨ | ᠰᠠᠨᠠᠭᠤᠯᠤᠶ᠎ᠠ᠄ | ᠨᠢᠭᠡ᠂ ᠦᠯᠡᠳᠡᠭᠳᠡᠯ ᠰᠦᠯᠢᠶᠥᠦ ᠪᠦᠷᠬᠦᠪᠴᠢ ᠨᠢ ᠲᠦᠢᠯ ᠤᠨ ᠶᠡᠭᠡ ᠬᠤᠣᠷ ᠬᠥᠨᠥᠭᠡᠯ ᠲᠠᠢ᠂ ᠰᠢᠨᠵᠢᠯᠡᠬᠦ ᠤᠬᠠᠭᠠᠨᠴᠢ ᠪᠠᠷ ᠬᠤᠷᠢᠶᠠᠨ ᠠᠪᠬᠤ ᠠᠵᠢᠯ ᠢ | ᠵᠠᠪᠠᠯ ᠬᠢᠬᠦ ᠬᠡᠷᠡᠭᠲᠡᠢ | ᠬᠠᠶᠠᠭᠳᠠᠮᠠᠯ ᠪᠦᠷᠬᠦᠪᠴᠢ ᠨᠢ ᠬᠦᠷᠦᠰᠦᠨ ᠳᠤ ᠦᠯᠡᠳᠡᠭᠳᠡᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠤᠨ ᠥᠰᠦᠯᠲᠡ ᠶᠢ ᠬᠠᠷᠰᠢᠯᠠᠵᠤ᠂ ᠴᠢᠬᠢ | ᠳᠤᠲᠠᠭᠳᠠᠨ ᠳᠠᠯᠠᠩ ᠢ ᠲᠠᠰᠤᠯᠬᠤ ᠪᠠ ᠥᠰᠦᠯᠲᠡ ᠶᠢ ᠬᠠᠷᠰᠢᠯᠠᠵᠤ᠂ ᠤᠨᠠᠯᠲᠠ ᠶᠢ ᠬᠠᠰᠤᠭᠳᠠᠭᠤᠯᠳᠠᠭ᠃ ᠡᠰᠢ ᠰᠦᠷᠡᠯ ᠳᠤ ᠦᠯᠡᠳᠡᠭᠳᠡᠯ ᠪᠦᠷᠬᠦᠪᠴᠢ | ᠬᠤᠯᠢᠯᠳᠤᠵᠤ᠂ ᠡᠰᠢ ᠰᠦᠷᠡᠯ ᠤᠨ ᠲᠡᠵᠢᠭᠡᠯ ᠪᠣᠷᠳᠣᠭᠠᠨ ᠤ ᠦᠨ᠎ᠡ ᠥᠷᠲᠡᠭ ᠢ ᠨᠥᠯᠥᠭᠡᠯᠡᠨ᠂ ᠡᠰᠢ ᠰᠦᠷᠡᠯ ᠤᠨ ᠲᠡᠵᠢᠭᠡᠯ ᠪᠣᠷᠳᠣᠭᠠᠨ ᠤ ᠠᠰᠢᠭ ᠣᠷᠣᠯᠭ᠎ᠠ ᠶᠢ | ᠪᠠᠭᠤᠷᠠᠭᠤᠯᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠪᠠ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠡᠮᠡᠭᠳᠡᠭᠦᠯᠳᠡᠭ᠃ ᠦᠯᠡᠳᠡᠭᠳᠡᠯ ᠪᠦᠷᠬᠦᠪᠴᠢ ᠨᠢ | ᠲᠠᠷᠢᠶᠠᠨ ᠳᠤ ᠪᠣᠲᠠᠷᠠᠵᠤ᠂ ᠲᠠᠷᠢᠶᠠᠯᠠᠩ ᠤᠨ ᠮᠠᠰᠢᠨ ᠪᠠᠭᠠᠵᠢ ᠶᠢ ᠣᠷᠢᠶᠠᠵᠤ᠂ ᠲᠠᠷᠢᠶᠠᠯᠠᠩ ᠤᠨ ᠠᠵᠢᠯ ᠤᠨ ᠦᠷ᠎ᠡ ᠪᠦᠲᠦᠮᠵᠢ ᠶᠢ ᠨᠦᠯᠦᠭᠡᠯᠡᠳᠡᠭ᠃ ᠦᠯᠡᠳᠡᠭᠳᠡᠯ | ᠪᠦᠷᠬᠦᠪᠴᠢ ᠶᠢ ᠲᠠᠷᠢᠶᠠᠨ ᠦᠵᠦᠭᠦᠷ ᠲᠤ ᠬᠠᠶᠠᠵᠤ᠂ ᠰᠠᠯᠬᠢᠨ ᠤ ᠠᠶ᠎ᠠ ᠪᠠᠷ ᠰᠠᠷᠨᠢᠵᠤ ᠣᠷᠴᠢᠨ ᠲᠣᠭᠤᠷᠢᠨ ᠢ ᠪᠣᠬᠢᠷᠲᠤᠭᠤᠯᠵᠤ᠂ ᠬᠦᠳᠡᠭᠡ ᠲᠣᠰᠬᠤᠨ ᠤ ᠳᠦᠷᠰᠦ | ᠪᠠᠶᠢᠳᠠᠯ ᠢ ᠡᠪᠳᠡᠳᠡᠭ᠃ | ᠬᠤᠶᠠᠷ᠂ ᠰᠢᠯᠢᠳᠡᠭ ᠰᠦᠯᠢᠶᠥᠦ ᠪᠦᠷᠬᠦᠪᠴᠢ ᠶᠢ ᠰᠣᠩᠭᠤᠬᠤ ᠨᠢ ᠠᠯᠤᠰ ᠬᠡᠳᠤ ᠶᠢᠨ ᠠᠰᠢᠭᠲᠠᠢ᠂ ᠵᠦᠢ ᠵᠣᠬᠢᠰᠲᠠᠢ ᠪᠠᠷ ᠬᠡᠷᠡᠭᠯᠡᠵᠦ ᠤᠨᠠᠯᠲᠠ ᠪᠠᠨ | ᠨᠡᠮᠡᠭᠳᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠬᠡᠷᠡᠭᠲᠡᠢ | ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠳᠤ ᠪᠠᠷᠢᠮᠵᠢᠶ᠎ᠠ ᠲᠠᠢ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠰᠣᠩᠭᠤᠵᠤ ᠬᠤᠳᠠᠯᠳᠤᠨ | ᠠᠪᠬᠤ ᠳᠠᠭᠠᠨ ᠵᠢᠩᠬᠢᠨᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠵᠡᠷᠭᠡ ᠲᠠᠯᠠᠪᠤᠷ ᠲᠤ ᠬᠦᠷᠴᠦ᠂ ᠬᠢᠷᠢ ᠲᠡᠩᠴᠡᠭᠰᠡᠨ ᠦᠨᠡᠮᠯᠡᠯ ᠢ ᠨᠢ | ᠪᠠᠶᠢᠴᠠᠭᠠᠨ ᠦᠵᠡᠵᠦ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ ᠶᠢ ᠠᠩᠬᠠᠷᠤᠭᠤᠰᠢᠳᠠᠢ᠂ ᠭᠡᠬᠦ ᠳᠡᠭᠡᠨ | ᠵᠤᠵᠠᠭᠠᠨ ᠨᠢ 0.01 ᠮᠢᠯᠢᠮᠧᠳ᠋ᠷ ᠬᠦᠷᠬᠦ ᠦᠭᠡᠢ ᠬᠡᠲᠦ ᠨᠢᠮᠭᠡᠨ ᠰᠦᠯᠢᠶᠥᠦ ᠪᠦᠷᠬᠦᠪᠴᠢ ᠪᠠ ᠬᠡᠷᠡᠯ ᠬᠦᠴᠢᠯᠲᠥ᠋ᠷᠥᠭᠴᠢ ᠳᠤ ᠵᠠᠳᠠᠷᠮᠠᠬᠠᠢ ᠰᠦᠯᠢᠶᠥᠦ ᠪᠦᠷᠬᠦᠪᠴᠢ ᠶᠢ | ᠬᠤᠳᠠᠯᠳᠤᠨ ᠠᠪᠴᠤ ᠪᠤᠯᠬᠤ ᠦᠭᠡᠢ᠃ ᠬᠤᠳᠠᠯᠳᠤᠨ ᠠᠪᠤᠭᠰᠠᠨ ᠭᠡᠷᠡᠴᠢ ᠲᠡᠮᠳᠡᠭ ᠢᠶᠠᠨ ᠰᠠᠶᠢᠲᠤᠷ ᠬᠠᠳᠠᠭᠠᠯᠠᠬᠤ ᠬᠡᠷᠡᠭᠲᠡᠢ᠃ ᠰᠦᠯᠢᠶᠥᠦ ᠪᠦᠷᠬᠦᠪᠴᠢ ᠶᠢ | ᠬᠡᠷᠡᠭᠯᠡᠬᠦ ᠳᠤ ᠰᠢᠨᠵᠢᠯᠡᠬᠦ ᠤᠬᠠᠭᠠᠨᠴᠢ ᠪᠠᠶᠢᠬᠤ ᠬᠡᠷᠡᠭᠲᠡᠢ᠂ ᠴᠢᠬᠤᠯᠠ ᠦᠭᠡᠢ ᠪᠣᠯ ᠪᠦᠷᠬᠦᠬᠦ ᠦᠭᠡᠢ᠂ ᠥᠩᠭᠡ ᠦᠭᠡᠢ ᠰᠦᠯᠢᠶᠥᠦ ᠪᠦᠷᠬᠦᠪᠴᠢ ᠨᠢ ᠳᠤᠯᠠᠭᠠᠨ ᠢ | ᠨᠡᠮᠡᠭᠳᠡᠭᠦᠯᠬᠦ ᠦᠢᠯᠡᠳᠦᠯ ᠰᠠᠶᠢᠨ᠂ ᠬᠠᠷ᠎ᠠ ᠥᠩᠭᠡᠲᠦ ᠰᠦᠯᠢᠶᠥᠦ ᠪᠦᠷᠬᠦᠪᠴᠢ ᠨᠢ ᠡᠪᠡᠰᠦ ᠶᠢ ᠳᠠᠷᠤᠬᠤ ᠦᠢᠯᠡᠳᠦᠯ ᠰᠠᠶᠢᠨ᠂ ᠪᠦᠬᠦ ᠠᠮᠢᠳᠤ ᠪᠣᠳᠠᠰ ᠤᠨ ᠵᠠᠳᠠᠷᠮᠠᠬᠠᠢ | ᠰᠦᠯᠢᠶᠥᠦ ᠪᠦᠷᠬᠦᠪᠴᠢ ᠶᠢ ᠲᠤᠰ ᠤᠯᠠᠷᠢᠯ ᠳᠤ ᠬᠤᠳᠠᠯᠳᠤᠨ ᠠᠪᠴᠤ ᠬᠡᠷᠡᠭᠯᠡᠬᠦ ᠬᠡᠷᠡᠭᠲᠡᠢ᠃ ᠴᠢᠨᠠᠷ ᠰᠠᠶᠢᠲᠠᠢ ᠰᠦᠯᠢᠶᠥᠦ ᠪᠦᠷᠬᠦᠪᠴᠢ ᠳᠤ ᠨᠥᠬᠦᠪᠦᠷᠢ ᠲᠠᠢ᠂ | ᠤᠯᠤᠰ ᠠᠴᠠ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠪᠠ ᠪᠥᠬᠦ ᠠᠮᠢᠳᠤ ᠪᠣᠳᠠᠰ ᠤᠨ ᠵᠠᠳᠠᠷᠮᠠᠬᠠᠢ ᠰᠦᠯᠢᠶᠥᠦ ᠪᠦᠷᠬᠦᠪᠴᠢ ᠶᠢ ᠬᠡᠷᠡᠭᠯᠡᠬᠦ ᠪᠠᠷ | ᠲᠠᠨᠢᠯᠴᠠᠭᠤᠯᠵᠤ᠂ ᠬᠡᠷᠡᠭᠴᠡᠭᠡ ᠲᠠᠢ ᠮᠠᠯᠴᠢᠨ ᠲᠠᠷᠢᠶᠠᠴᠢᠨ ᠨᠠᠶᠢᠵᠠ ᠨᠠᠷ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ | ᠪᠣᠳᠠᠲᠠᠢ ᠨᠥᠬᠦᠪᠦᠷᠢ ᠥᠭᠬᠦ ᠵᠦᠢᠯᠡᠰ ᠢ ᠬᠠᠷᠢᠯᠴᠠᠵᠤ ᠪᠣᠯᠣᠨ᠎ᠠ᠃ ᠠᠰᠠᠭᠤᠳᠠᠯ ᠲᠠᠢ ᠰᠦᠯᠢᠶᠥᠦ ᠪᠦᠷᠬᠦᠪᠴᠢ ᠶᠢ ᠵᠠᠭᠠᠯᠳᠤᠬᠤ ᠬᠡᠷᠡᠭᠲᠡᠢ᠂ ᠲᠠᠷᠢᠶᠠᠯᠠᠩ ᠳᠤ ᠬᠡᠷᠡᠭᠯᠡᠬᠦ | ᠰᠦᠯᠢᠶᠥᠦ ᠪᠦᠷᠬᠦᠪᠴᠢ ᠶᠢᠨ ᠶᠠᠰᠤ ᠴᠢᠨᠠᠷ ᠤᠨ ᠠᠰᠠᠭᠤᠳᠠᠯ ᠲᠣᠬᠢᠶᠠᠯᠳᠤᠪᠠᠯ ᠭᠡᠷᠡᠴᠢ ᠪᠠᠷᠢᠮᠲᠠ ᠵᠡᠷᠭᠡ ᠶᠢ ᠰᠠᠶᠢᠲᠤᠷ ᠬᠠᠳᠠᠭᠠᠯᠠᠬᠤ ᠬᠡᠷᠡᠭᠲᠡᠢ᠂ ᠬᠡᠷᠪᠡ ᠪᠠᠰᠠ | ᠨᠡᠭᠡᠭᠡᠵᠦ ᠬᠡᠷᠡᠭᠯᠡᠭᠡᠳᠦᠢ ᠡᠪᠬᠡᠮᠡᠯ ᠰᠦᠯᠢᠶᠥᠦ ᠪᠦᠷᠬᠦᠪᠴᠢ ᠶᠢ ᠰᠠᠶᠢᠲᠤᠷ ᠬᠠᠳᠠᠭᠠᠯᠠᠵᠤ᠂ ᠦᠯᠢᠭᠡᠷ ᠡᠳ᠋ ᠠᠪᠴᠤ ᠰᠢᠯᠭᠠᠨ ᠪᠠᠶᠢᠴᠠᠭᠠᠬᠤ ᠳᠤ ᠰᠠᠶᠢᠲᠤᠷ ᠪᠡᠯᠡᠳᠬᠡᠯ | ᠬᠢᠵᠦ᠂ ᠴᠠᠭ ᠲᠤᠬᠠᠢ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ 12315 ᠤᠲᠠᠰᠤ ᠶᠢ ᠤᠲᠠᠰᠤᠳᠠᠬᠤ ᠬᠡᠷᠡᠭᠲᠡᠢ᠃ | ᠭᠤᠷᠪᠠ᠂ ᠬᠠᠤᠯᠢ ᠶᠣᠰᠣᠭᠠᠷ ᠬᠤᠷᠢᠶᠠᠨ ᠠᠪᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠲᠦᠷᠦᠯ ᠬᠤᠪᠢᠶᠠᠨ ᠰᠢᠢᠳᠪᠦᠷᠢᠯᠡᠭᠡᠳ ᠬᠠᠶᠠᠭᠳᠠᠮᠠᠯ | ᠪᠣᠳᠠᠰ ᠢ ᠡᠷᠳᠡᠨᠢ ᠪᠣᠯᠭᠠᠬᠤ ᠬᠡᠷᠡᠭᠲᠡᠢ | ᠰᠦᠯᠢᠶᠥᠦ ᠪᠦᠷᠬᠦᠪᠴᠢ ᠶᠢ ᠬᠡᠷᠡᠭᠯᠡᠨ ᠦᠷ᠎ᠡ ᠠᠰᠢᠭ ᠢ ᠨᠡᠮᠡᠭᠳᠡᠭᠦᠯᠵᠦ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠨᠢ ᠠᠯᠪᠠᠨ ᠵᠢᠷᠤᠮ᠂ ᠨᠠᠮᠤᠷ | ᠳᠠᠷᠢᠬᠤ ᠠᠴᠠ ᠡᠮᠦᠨ᠎ᠡ ᠴᠠᠭ ᠲᠤᠬᠠᠢ ᠳᠤᠨᠢ ᠬᠤᠷᠢᠶᠠᠨ ᠠᠪᠴᠤ᠂ ᠲᠠᠷᠢᠶᠠᠨ ᠭᠠᠵᠠᠷ ᠢ ᠴᠡᠪᠡᠷ ᠪᠠᠶᠢᠯᠭᠠᠵᠤ ᠭᠠᠵᠠᠷ ᠤᠨ ᠰᠢᠮ᠎ᠡ ᠶᠢ ᠪᠠᠲᠤᠯᠠᠬᠤ ᠬᠡᠷᠡᠭᠲᠡᠢ᠃ ᠲᠠᠷᠢᠶᠠᠨ | ᠭᠠᠵᠠᠷ ᠲᠤ ᠲᠡᠭᠦᠵᠦ ᠴᠤᠭᠯᠠᠭᠤᠯᠬᠤ ᠳᠤ ᠳᠤᠷ᠎ᠠ ᠦᠭᠡᠶᠢᠴᠡᠵᠦ ᠪᠣᠯᠬᠤ ᠦᠭᠡᠢ᠂ ᠰᠠᠨᠠᠭᠠᠴᠢᠯᠠᠭ᠎ᠠ ᠠᠴᠠ ᠪᠠᠨ ᠲᠣᠣᠷ ᠴᠡᠭ ᠲᠤ ᠬᠦᠷᠭᠡᠵᠦ᠂ ᠦᠯᠡᠳᠡᠭᠳᠡᠯ | ᠪᠦᠷᠬᠦᠪᠴᠢ ᠪᠠᠷ ᠥᠩ ᠰᠢᠮᠡᠯᠢᠭ ᠬᠥᠷᠥᠰᠥ ᠶᠢ ᠪᠣᠬᠢᠷᠲᠤᠭᠤᠯᠵᠤ ᠪᠣᠯᠬᠤ ᠦᠭᠡᠢ᠂ ᠬᠥᠷᠥᠰᠥ ᠰᠢᠷᠣᠢ ᠶᠢ ᠬᠠᠮᠠᠭᠠᠯᠠᠵᠤ ᠲᠠᠷᠢᠶᠠᠨ ᠭᠠᠵᠠᠷ ᠢ ᠬᠠᠮᠠᠭᠠᠯᠠᠬᠤ ᠳᠤ ᠴᠥᠮ | ᠬᠠᠷᠢᠭᠤᠴᠠᠯᠭ᠎ᠠ ᠲᠠᠢ ᠪᠠᠶᠢᠳᠠᠭ᠃ ᠴᠡᠪᠡᠷ ᠦᠯᠡᠳᠡᠭᠳᠡᠯ ᠪᠦᠷᠬᠦᠪᠴᠢ ᠨᠢ ᠵᠣᠭᠤᠰ ᠬᠤᠳᠠᠯᠳᠤᠵᠤ᠂ ᠳᠠᠬᠢᠨ ᠠᠮᠢᠯᠠᠭᠤᠯᠵᠤ ᠮᠥᠬᠦᠯᠢᠭᠵᠢᠭᠦᠯᠦᠨ ᠡᠷᠭᠢᠯᠳᠦᠭᠦᠯᠦᠨ | ᠬᠡᠷᠡᠭᠯᠡᠵᠦ᠂ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠨ ᠡᠷᠳᠡᠨᠢ ᠪᠣᠯᠭᠠᠨ ᠬᠤᠪᠢᠷᠠᠭᠤᠯᠵᠤ᠂ ᠣᠷᠣᠯᠭ᠎ᠠ ᠶᠢ ᠨᠡᠮᠡᠭᠳᠡᠭᠦᠯᠦᠨ ᠣᠷᠴᠢᠨ ᠲᠣᠭᠤᠷᠢᠨ ᠢ | ᠬᠠᠮᠠᠭᠠᠯᠠᠬᠤ ᠶᠢᠨ ᠬᠤᠶᠠᠷ ᠲᠠᠯ᠎ᠠ ᠨᠢ ᠰᠠᠶᠢᠨ ᠪᠠᠶᠢᠳᠠᠭ᠃ ᠬᠡᠮᠬᠡᠷᠡᠯ ᠳᠤ ᠬᠤᠯᠢᠴᠠ ᠲᠠᠢ ᠠᠴᠠ ᠠᠰᠢᠭᠯᠠᠬᠤ ᠳᠤ ᠪᠡᠷᠬᠡ᠂ ᠬᠤᠭ ᠨᠣᠪᠰᠢ ᠶᠢ ᠬᠤᠷᠢᠶᠠᠨ ᠠᠪᠬᠤ | ᠦᠷᠳᠡᠭᠡ ᠳᠤ ᠬᠦᠷᠭᠡᠵᠦ᠂ ᠭᠠᠷ ᠤᠨ ᠠᠶ᠎ᠠ ᠪᠠᠷ ᠬᠥᠳᠡᠭᠡ ᠲᠤᠰᠬᠤᠨ ᠤ ᠰᠤᠷᠲᠠᠯ ᠢ ᠪᠣᠰᠬᠠᠵᠤ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠨᠢ ᠠᠶᠢᠯ | ᠰᠠᠭᠠᠬᠠᠯᠲᠠ ᠶᠢᠨ ᠬᠢᠨ ᠤ ᠮᠠᠭᠲᠠᠭᠠᠯ ᠰᠠᠶᠢᠰᠢᠶᠠᠯ ᠢ ᠣᠯᠳᠠᠭ᠃ | ᠳᠥᠷᠪᠡ᠂ ᠲᠣᠭᠲᠠᠭᠠᠯ ᠠᠴᠠ ᠵᠥᠷᠢᠴᠡᠨ ᠳᠤᠷ᠎ᠠ ᠪᠠᠷ ᠬᠠᠶᠠᠬᠤ ᠶᠢ ᠴᠢᠩᠭ᠎ᠠ ᠴᠠᠭᠠᠵᠠᠯᠠᠵᠤ᠂ ᠴᠢᠩᠭ᠎ᠠ ᠪᠠᠶᠢᠴᠠᠭᠠᠵᠤ ᠴᠢᠩᠭ᠎ᠠ ᠰᠢᠳᠬᠡᠬᠦ ᠰᠡᠷᠡᠮᠵᠢ ᠶᠢᠨ | ᠬᠤᠩᠬᠤ ᠶᠢ ᠪᠠᠶᠢᠩᠭᠤ ᠬᠠᠩᠭᠢᠨᠠᠭᠤᠯᠤᠶ᠎ᠠ | ᠰᠦᠯᠢᠶᠥᠦ ᠪᠦᠷᠬᠦᠪᠴᠢ ᠶᠢ ᠴᠠᠭ ᠲᠤᠬᠠᠢ ᠳᠤᠨᠢ ᠬᠤᠷᠢᠶᠠᠨ ᠠᠪᠬᠤ ᠦᠭᠡᠢ ᠪᠣᠯ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠣᠯᠣᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠤᠨ ᠬᠤᠷᠢᠨ | ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠄ ᠲᠣᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠰᠦᠯᠢᠶᠥᠦ ᠪᠦᠷᠬᠦᠪᠴᠢ ᠬᠡᠷᠡᠭᠯᠡᠭᠴᠢ ᠲᠣᠭᠲᠠᠭᠠᠯ | ᠶᠣᠰᠣᠭᠠᠷ ᠪᠥᠬᠦ ᠠᠮᠢᠳᠤ ᠪᠣᠳᠠᠰ ᠤᠨ ᠵᠠᠳᠠᠷᠮᠠᠬᠠᠢ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠤᠭᠰᠠᠨ ᠦᠭᠡᠢ ᠪᠠᠶᠢᠪᠠᠯ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ | ᠰᠦᠯᠢᠶᠥᠦ ᠪᠦᠷᠬᠦᠪᠴᠢ ᠬᠡᠷᠡᠭᠯᠡᠭᠴᠢ ᠨᠢ ᠬᠤᠪᠢ ᠬᠥᠮᠥᠨ ᠪᠠᠶᠢᠪᠠᠯ᠂ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠬᠤ ᠪᠠᠷ ᠰᠢᠳᠭᠡᠵᠦ ᠪᠣᠯᠣᠨ᠎ᠠ᠃ | ᠥᠩ ᠰᠢᠮᠡᠯᠢᠭ ᠬᠦᠷᠦᠰᠦ ᠰᠢᠷᠤᠢ ᠨᠢ ᠠᠷᠠᠴᠢᠯᠠᠨ ᠬᠠᠮᠠᠭᠠᠯᠠᠬᠤ ᠳᠤ ᠲᠦᠰᠢᠭᠯᠡᠳᠡᠭ᠂ ᠪᠣᠬᠢᠷᠲᠤᠯ ᠦᠭᠡᠢ ᠬᠥᠭᠵᠢᠯᠲᠡ ᠨᠢ ᠮᠢᠩᠭᠠᠨ ᠣᠨ ᠤ ᠠᠰᠢᠭ | ᠲᠤᠰᠠ ᠲᠠᠢ᠃ ᠪᠢᠳᠡ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠰᠢᠨᠵᠢᠯᠡᠬᠦ ᠤᠬᠠᠭᠠᠨᠴᠢ ᠪᠠᠷ ᠪᠦᠷᠬᠦᠪᠴᠢ ᠰᠣᠩᠭᠤᠬᠤ ᠠᠴᠠ ᠡᠬᠢᠯᠡᠵᠦ᠂ ᠴᠠᠭ ᠲᠤᠬᠠᠢ ᠳᠤᠨᠢ | ᠬᠤᠷᠢᠶᠠᠨ ᠠᠪᠬᠤ ᠠᠴᠠ ᠡᠬᠢᠯᠡᠵᠦ᠂ ᠵᠦᠢ ᠵᠣᠬᠢᠰᠲᠠᠢ ᠰᠢᠢᠳᠪᠦᠷᠢᠯᠡᠬᠦ ᠠᠴᠠ ᠡᠬᠢᠯᠡᠵᠦ᠂ ᠤᠳᠤ ᠠᠴᠠ ᠡᠬᠢᠯᠡᠵᠦ᠂ ᠲᠠᠷᠢᠶᠠᠨ ᠭᠠᠵᠠᠷ ᠢᠶᠠᠨ ᠬᠠᠮᠲᠤᠪᠠᠷ ᠰᠠᠬᠢᠨ | ᠬᠠᠮᠠᠭᠠᠯᠠᠵᠤ᠂ ᠲᠡᠭᠷᠢ ᠨᠢ ᠴᠡᠯᠮᠡᠭ ᠭᠠᠵᠠᠷ ᠨᠢ ᠴᠡᠪᠡᠷ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ | ᠪᠠᠶᠢᠭᠤᠯᠬᠤ ᠶᠢᠨ ᠲᠥᠯᠥᠭᠡ ᠬᠠᠮᠲᠤᠪᠠᠷ ᠴᠢᠷᠮᠠᠶᠢᠵᠠᠭᠠᠶ᠎ᠠ︕ |