ᠲᠠᠷᠢᠶᠠᠯᠠᠩ ᠤᠨ ᠬᠤᠳᠳᠤᠭ ᠮᠠᠯᠲᠠᠬᠤ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/3/5
       ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠠᠷᠢᠶᠠᠯᠠᠩ ᠤᠨ ᠤᠰᠤᠯᠠᠬᠤ ᠬᠤᠳᠳᠤᠭ ᠮᠠᠯᠲᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠲᠠᠷᠢᠶᠠᠯᠠᠩ ᠤᠨ ᠤᠰᠤᠯᠠᠬᠤ ᠬᠤᠳᠳᠤᠭ ᠮᠠᠯᠲᠠᠬᠤ ᠦᠢᠯᠡ ᠠᠵᠢᠯᠯᠠᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠠᠭᠠᠷᠢᠨ ᠪᠠᠷᠠᠭᠤᠨ ᠬᠤᠰᠢᠭᠤᠨ ᠤ ᠣᠷᠣᠨ ᠪᠦᠰᠡ ᠶᠢᠨ ᠳᠣᠲᠣᠷ᠎ᠠ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠮᠠᠯᠲᠠᠬᠤ ᠠᠵᠢᠯᠯᠠᠭ᠎ᠠ ᠶᠢ ᠡᠷᠭᠢᠯᠡᠵᠦ ᠪᠠᠶᠢᠭ᠎ᠠ ᠠᠵᠤ ᠠᠬᠤᠶᠢᠯᠠᠯ ᠡᠷᠬᠡᠪᠰᠢ ᠬᠠᠤᠯᠢ ᠶᠣᠰᠣᠭᠠᠷ ᠬᠠᠤᠯᠢ ᠶᠣᠰᠣᠨ ᠤ ᠬᠦᠴᠦᠨ ᠪᠥᠬᠦᠶ ᠡᠵᠡᠩᠨᠡᠯᠲᠡ ᠶᠢᠨ ᠦᠨᠡᠮᠯᠡᠯ ᠵᠡᠷᠭᠡ ᠬᠠᠮᠢᠶ᠎ᠠ ᠪᠥᠬᠦᠶ ᠬᠢᠷᠢ ᠬᠡᠮ ᠤᠨ ᠦᠨᠡᠮᠯᠡᠯ ᠢ ᠣᠯᠤᠭᠰᠠᠨ ᠪᠠᠶᠢᠪᠠᠯ ᠰᠠᠶ᠋ᠢ ᠬᠤᠳᠳᠤᠭ ᠮᠠᠯᠲᠠᠬᠤ ᠠᠵᠢᠯ ᠥᠷᠨᠢᠭᠦᠯᠵᠦ ᠪᠣᠯᠤᠨ᠎ᠠ᠃ ᠳᠡᠭᠡᠷ᠎ᠡ ᠳᠤᠷᠠᠳᠤᠭᠰᠠᠨ ᠬᠢᠷᠢ ᠭᠡᠮ ᠢ ᠣᠯᠤᠭᠠᠳᠤᠶ ᠠᠵᠤ ᠠᠬᠤᠶᠢᠯᠠᠯ ᠪᠤᠶᠤ ᠬᠤᠪᠢ ᠬᠥᠮᠦᠨ ᠪᠦᠬᠦᠨ ᠬᠤᠳᠳᠤᠭ ᠮᠠᠯᠲᠠᠬᠤ ᠠᠵᠢᠯ ᠢ ᠳᠤᠷ᠎ᠠ ᠪᠠᠷ ᠢᠶᠠᠨ ᠥᠷᠨᠢᠭᠦᠯᠵᠦ ᠪᠣᠯᠬᠤ ᠦᠭᠡᠶ᠃ ᠲᠣᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠬᠤᠶᠠᠷ᠂ ᠡᠵᠡᠩᠨᠡᠯᠲᠡ ᠶᠢᠨ ᠬᠢᠷᠢ ᠭᠡᠮ ᠲᠠᠢ ᠬᠤᠳᠳᠤᠭ ᠮᠠᠯᠲᠠᠬᠤ ᠠᠵᠤ ᠠᠬᠤᠶᠢᠯᠠᠯ ᠡᠷᠬᠡᠪᠰᠢ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄      1.ᠲᠠᠷᠢᠶᠠᠯᠠᠩ ᠤᠨ ᠤᠰᠤᠯᠠᠯᠲᠠ ᠶᠢᠨ ᠣᠰᠤ ᠲᠠᠲᠠᠬᠤ ᠡᠷᠦᠬᠡ ᠬᠤᠳᠳᠤᠭ ᠮᠠᠯᠲᠠᠪᠠᠯ᠂ ᠤᠰᠤ ᠲᠠᠲᠠᠬᠤ ᠡᠷᠦᠬᠡ ᠨᠢ ᠡᠷᠬᠡᠪᠰᠢ ᠲᠤᠰ ᠬᠤᠳᠳᠤᠭ ᠤᠨ ᠬᠤᠰᠢᠭᠤ ᠱᠠᠲᠤ ᠵᠢᠴᠢ ᠲᠡᠭᠦᠨ ᠠᠴᠠ ᠳᠡᠭᠡᠭᠰᠢᠬᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠮᠠᠰᠢᠨ ᠴᠠᠬᠢᠯᠭᠠᠨ ᠤ ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷᠳᠠᠮ ᠬᠢᠭᠡᠳ ᠬᠤᠳᠳᠤᠭ ᠤᠨ ᠪᠠᠶᠢᠷᠢᠰᠢᠯ ᠢᠶᠠᠨ ᠬᠠᠩᠭᠠᠵᠤ᠂ ᠬᠤᠳᠳᠤᠭ ᠮᠠᠯᠲᠠᠭᠰᠠᠨ ᠠᠵᠤ ᠠᠬᠤᠶᠢᠯᠠᠯ ᠤᠨ ᠪᠠᠶᠢᠴᠠᠭᠠᠬᠤ ᠭᠠᠷᠳᠠᠮ ᠨᠢ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢᠨ ᠬᠠᠮᠲᠤ ᠮᠠᠰᠢᠨ ᠴᠠᠬᠢᠯᠭᠠᠨ ᠤ ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷᠳᠠᠮ ᠤᠨ ᠬᠤᠳᠳᠤᠭ ᠤᠨ ᠪᠠᠶᠢᠷᠢᠰᠢᠯ ᠬᠢᠭᠡᠳ ᠪᠣᠳᠠᠲᠠᠶ ᠭᠠᠵᠠᠷ ᠤᠨ ᠬᠤᠳᠳᠤᠭ ᠤᠨ ᠪᠠᠶᠢᠷᠢᠰᠢᠯ ᠯᠤᠭ᠎ᠠ ᠬᠠᠷᠢᠯᠴᠠᠨ ᠨᠢᠭᠡᠳᠦᠭᠰᠡᠨ ᠤ ᠳᠠᠷᠠᠭ᠎ᠠ ᠰᠠᠶ᠋ᠢ ᠬᠤᠳᠳᠤᠭ ᠮᠠᠯᠲᠠᠵᠤ ᠪᠣᠯᠤᠨ᠎ᠠ᠃      2. ᠬᠤᠰᠢᠭᠤᠨ ᠤ ᠲᠡᠰ ᠵᠢᠴᠢ ᠲᠡᠭᠦᠨ ᠠᠴᠠ ᠳᠡᠭᠡᠭᠰᠢᠬᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠦᠬᠡᠢ ᠮᠠᠰᠢᠨ ᠴᠠᠬᠢᠯᠭᠠᠨ ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷᠳᠠᠮ ᠪᠤᠶᠤ ᠮᠠᠰᠢᠨ ᠴᠠᠬᠢᠯᠭᠠᠨ ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷᠳᠠᠮ ᠲᠠᠬᠢ ᠬᠤᠳᠳᠤᠭ ᠤᠨ ᠪᠠᠶᠢᠷᠢᠰᠢᠯ ᠬᠢᠭᠡᠳ ᠲᠤᠬᠠᠢ ᠶᠢᠨ ᠭᠠᠵᠠᠷ ᠤᠨ ᠬᠤᠳᠳᠤᠭ ᠤᠨ ᠪᠠᠶᠢᠷᠢᠰᠢᠯ ᠨᠢ ᠨᠢᠭᠡᠳᠦᠯ ᠥᠭᠡᠢ ᠤᠰᠤ ᠲᠠᠲᠠᠬᠤ ᠡᠷᠥᠭᠡ ᠲᠤ ᠪᠣᠯ ᠬᠤᠳᠳᠤᠭ ᠮᠠᠯᠲᠠᠬᠤ ᠠᠵᠤ ᠠᠬᠤᠶᠢᠯᠠᠯ ᠨᠢ ᠲᠡᠭᠦᠨ ᠲᠤ ᠬᠤᠳᠳᠤᠭ ᠮᠠᠯᠲᠠᠬᠤ ᠠᠵᠢᠯ ᠬᠢᠵᠦ ᠪᠣᠯᠬᠤ ᠥᠭᠡᠢ᠃ ᠡᠰᠡ ᠲᠡᠭᠡᠪᠡᠯ ᠤᠰᠤ ᠠᠪᠬᠤ ᠡᠷᠦᠬᠡ ᠲᠠᠢ ᠬᠠᠮᠲᠤ ᠪᠠᠷ ᠬᠠᠤᠯᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠨ᠎ᠡ᠃ ᠬᠤᠰᠢᠭᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠪᠤᠰᠤ ᠪᠠᠷ ᠬᠤᠳᠳᠤᠭ ᠮᠠᠯᠲᠠᠭᠰᠠᠨ ᠠᠵᠤ ᠠᠬᠤᠶᠢᠯᠠᠯ ᠵᠢᠴᠢ ᠤᠰᠤ ᠠᠪᠬᠤ ᠡᠷᠦᠬᠡ ᠶᠢ ᠴᠢᠩᠭ᠎ᠠ ᠪᠠᠶᠢᠴᠠᠭᠠᠨ  ᠰᠢᠢᠳᠪᠦᠷᠢᠯᠡᠨ᠎ᠡ᠃      ᠭᠤᠷᠪᠠ᠂ ᠬᠤᠰᠢᠭᠤᠨ ᠤ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠤᠳᠳᠤᠭ ᠮᠠᠯᠲᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠳᠡᠭᠡᠷᠡᠬᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠨ᠎ᠡ᠃                        ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                ᠪᠠᠭᠠᠷᠢᠨ ᠪᠠᠷᠠᠭᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ                                            2025 ᠣᠨ ᠤ 3 ᠰᠠᠷ᠎ᠠ ᠶᠢᠨ 4᠎ ᠤ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ