| | | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠠᠷᠢᠶᠠᠯᠠᠩ ᠤᠨ ᠤᠰᠤᠯᠠᠬᠤ ᠬᠤᠳᠳᠤᠭ ᠮᠠᠯᠲᠠᠬᠤ ᠦᠢᠯᠡ | ᠠᠵᠢᠯᠯᠠᠭ᠎ᠠ ᠶᠢ ᠵᠢᠷᠤᠮᠵᠢᠭᠤᠯᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ | ᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ | ᠲᠠᠷᠢᠶᠠᠯᠠᠩ ᠤᠨ ᠤᠰᠤᠯᠠᠬᠤ ᠬᠤᠳᠳᠤᠭ ᠮᠠᠯᠲᠠᠬᠤ ᠦᠢᠯᠡ ᠠᠵᠢᠯᠯᠠᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠪᠠᠭᠠᠷᠢᠨ ᠪᠠᠷᠠᠭᠤᠨ ᠬᠤᠰᠢᠭᠤᠨ ᠤ ᠣᠷᠣᠨ ᠪᠦᠰᠡ ᠶᠢᠨ ᠳᠣᠲᠣᠷ᠎ᠠ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠮᠠᠯᠲᠠᠬᠤ ᠠᠵᠢᠯᠯᠠᠭ᠎ᠠ ᠶᠢ | ᠡᠷᠭᠢᠯᠡᠵᠦ ᠪᠠᠶᠢᠭ᠎ᠠ ᠠᠵᠤ ᠠᠬᠤᠶᠢᠯᠠᠯ ᠡᠷᠬᠡᠪᠰᠢ ᠬᠠᠤᠯᠢ ᠶᠣᠰᠣᠭᠠᠷ ᠬᠠᠤᠯᠢ ᠶᠣᠰᠣᠨ ᠤ ᠬᠦᠴᠦᠨ ᠪᠥᠬᠦᠶ ᠡᠵᠡᠩᠨᠡᠯᠲᠡ ᠶᠢᠨ ᠦᠨᠡᠮᠯᠡᠯ ᠵᠡᠷᠭᠡ ᠬᠠᠮᠢᠶ᠎ᠠ ᠪᠥᠬᠦᠶ ᠬᠢᠷᠢ | ᠬᠡᠮ ᠤᠨ ᠦᠨᠡᠮᠯᠡᠯ ᠢ ᠣᠯᠤᠭᠰᠠᠨ ᠪᠠᠶᠢᠪᠠᠯ ᠰᠠᠶ᠋ᠢ ᠬᠤᠳᠳᠤᠭ ᠮᠠᠯᠲᠠᠬᠤ ᠠᠵᠢᠯ ᠥᠷᠨᠢᠭᠦᠯᠵᠦ ᠪᠣᠯᠤᠨ᠎ᠠ᠃ ᠳᠡᠭᠡᠷ᠎ᠡ ᠳᠤᠷᠠᠳᠤᠭᠰᠠᠨ ᠬᠢᠷᠢ ᠭᠡᠮ ᠢ ᠣᠯᠤᠭᠠᠳᠤᠶ ᠠᠵᠤ | ᠠᠬᠤᠶᠢᠯᠠᠯ ᠪᠤᠶᠤ ᠬᠤᠪᠢ ᠬᠥᠮᠦᠨ ᠪᠦᠬᠦᠨ ᠬᠤᠳᠳᠤᠭ ᠮᠠᠯᠲᠠᠬᠤ ᠠᠵᠢᠯ ᠢ ᠳᠤᠷ᠎ᠠ ᠪᠠᠷ ᠢᠶᠠᠨ ᠥᠷᠨᠢᠭᠦᠯᠵᠦ ᠪᠣᠯᠬᠤ ᠦᠭᠡᠶ᠃ ᠲᠣᠰ ᠵᠠᠷᠯᠠᠯ ᠤᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠬᠤᠶᠠᠷ᠂ ᠡᠵᠡᠩᠨᠡᠯᠲᠡ ᠶᠢᠨ ᠬᠢᠷᠢ ᠭᠡᠮ ᠲᠠᠢ ᠬᠤᠳᠳᠤᠭ ᠮᠠᠯᠲᠠᠬᠤ ᠠᠵᠤ ᠠᠬᠤᠶᠢᠯᠠᠯ ᠡᠷᠬᠡᠪᠰᠢ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄ | 1. ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠠᠴᠠ ᠤᠰᠤ ᠠᠪᠬᠤ ᠡᠷᠦᠬᠡ ᠬᠤᠳᠳᠤᠭ ᠮᠠᠯᠲᠠᠬᠤ ᠦᠶ᠎ᠡ ᠳᠤ᠂ ᠤᠰᠤ ᠠᠪᠬᠤ ᠡᠷᠦᠬᠡ ᠡᠷᠬᠡᠪᠰᠢ ᠲᠤᠰ | ᠬᠤᠳᠳᠤᠭ ᠵᠢᠴᠢ ᠲᠡᠭᠦᠨ ᠠᠴᠠ ᠳᠡᠭᠡᠭᠰᠢᠬᠢ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠮᠠᠰᠢᠨ | ᠴᠠᠬᠢᠯᠭᠠᠨ ᠤ ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷ ᠭᠦᠢᠴᠡᠳᠬᠡᠯ ᠪᠠ ᠬᠤᠳᠳᠤᠭ ᠤᠨ ᠪᠠᠶᠢᠷᠢ ᠨᠢ ᠦᠨᠡᠨ ᠪᠣᠳᠠᠲᠠᠶ | ᠪᠥᠭᠡᠳ ᠪᠦᠲᠦᠮᠵᠢᠲᠡᠶ ᠪᠠᠶᠢᠵᠤ᠂ ᠮᠠᠰᠢᠨ ᠴᠠᠬᠢᠯᠭᠠᠨ ᠤ ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷ ᠭᠦᠢᠴᠡᠳᠬᠡᠯ ᠤᠨ | ᠬᠤᠳᠳᠤᠭ ᠤᠨ ᠪᠠᠶᠢᠷᠢ ᠨᠢ ᠲᠤᠬᠠᠶ ᠶᠢᠨ ᠭᠠᠵᠠᠷ ᠤᠨ ᠬᠤᠳᠳᠤᠭ ᠤᠨ ᠪᠠᠶᠢᠷᠢ ᠯᠤᠭ᠎ᠠ ᠨᠢᠭᠡᠳᠦᠯᠲᠡᠶ ᠪᠠᠶᠢᠬᠤ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠶ᠋ᠢ | ᠬᠤᠳᠳᠤᠭ ᠮᠠᠯᠲᠠᠬᠤ ᠠᠵᠢᠯ ᠬᠢᠵᠦ ᠪᠣᠯᠤᠨ᠎ᠠ᠃ | 2. ᠬᠤᠰᠢᠭᠤᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ | ᠵᠥᠪᠰᠢᠶᠡᠷᠡᠭᠰᠡᠨ ᠮᠠᠰᠢᠨ ᠴᠠᠬᠢᠯᠭᠠᠨ ᠤ ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷ ᠭᠦᠢᠴᠡᠳᠬᠡᠯ ᠪᠤᠶᠤ ᠮᠠᠰᠢᠨ ᠴᠠᠬᠢᠯᠭᠠᠨ | ᠬᠤᠳᠳᠤᠭ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠭᠠᠷ ᠭᠦᠢᠴᠡᠳᠬᠡᠯ ᠤᠨ ᠳᠣᠲᠣᠷᠠᠬᠢ ᠬᠤᠳᠳᠤᠭ ᠤᠨ ᠪᠠᠶᠢᠷᠢ ᠶᠢᠨ ᠪᠠᠶᠢᠷᠢᠰᠢᠯ ᠨᠢ | ᠲᠤᠬᠠᠶ ᠶᠢᠨ ᠭᠠᠵᠠᠷ ᠤᠨ ᠬᠤᠳᠳᠤᠭ ᠤᠨ ᠪᠠᠶᠢᠷᠢ ᠲᠠᠢ ᠨᠢᠭᠡᠳᠦᠯ ᠥᠬᠡᠶ ᠤᠰᠤ ᠠᠪᠬᠤ ᠡᠷᠦᠬᠡ ᠲᠠᠢ ᠬᠤᠳᠳᠤᠭ ᠮᠠᠯᠲᠠᠬᠤ ᠠᠵᠤ ᠠᠬᠤᠶᠢᠯᠠᠯ ᠲᠡᠭᠦᠨ ᠳᠤ | ᠬᠤᠳᠳᠤᠭ ᠮᠠᠯᠲᠠᠬᠤ ᠠᠵᠢᠯ ᠬᠢᠵᠦ ᠪᠣᠯᠬᠤ ᠥᠬᠡᠶ᠃ ᠦᠭᠡᠢ ᠪᠣᠯ ᠤᠰᠤ ᠠᠪᠬᠤ ᠡᠷᠦᠬᠡ ᠲᠠᠢ ᠬᠠᠮᠲᠤ ᠪᠠᠷ ᠬᠠᠤᠯᠢ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠨ᠎ᠡ | ᠃ ᠬᠤᠰᠢᠭᠤᠨ ᠤ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠬᠠᠤᠯᠢ ᠠᠴᠠ ᠵᠥᠷᠢᠴᠡᠨ ᠬᠤᠳᠳᠤᠭ ᠮᠠᠯᠲᠠᠬᠤ ᠠᠵᠤ ᠠᠬᠤᠶᠢᠯᠠᠯ ᠵᠢᠴᠢ ᠤᠰᠤ ᠠᠪᠬᠤ ᠡᠷᠦᠬᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠭᠤᠷᠪᠠ᠂ ᠬᠤᠰᠢᠭᠤᠨ ᠤ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠤᠳᠳᠤᠭ ᠮᠠᠯᠲᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠳᠡᠭᠡᠷᠡᠬᠢ | ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠨ᠎ᠡ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠪᠠᠭᠠᠷᠢᠨ ᠪᠠᠷᠠᠭᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ | 2025 ᠣᠨ ᠤ 3 ᠰᠠᠷ᠎ᠠ ᠶᠢᠨ 4 ᠤ ᠡᠳᠦᠷ |