| | | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠶᠢᠨ ᠬᠠᠮᠢᠶᠠᠷᠤᠯᠳᠠ ᠶᠢ ᠴᠢᠩᠭᠠᠳᠬᠠᠵᠦ᠂ ᠬᠤᠨᠵᠢᠪᠤᠷᠢᠳᠦ ᠰᠤᠭᠤᠯᠤᠭ᠎ᠠ ᠤ ᠵᠠᠬ᠎ᠠ ᠲᠡᠯᠭᠡᠭᠦᠷ ᠤᠨ | ᠬᠦᠭᠵᠢᠯᠳᠡ ᠶᠢ ᠲᠦᠷᠢᠮᠵᠢᠭᠦᠯᠦᠨ᠂ ᠬᠤᠨᠵᠢᠪᠤᠷᠢᠳᠦ ᠰᠤᠭᠤᠯᠤᠭ᠎ᠠ ᠤ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠵᠦ᠂ ᠬᠤᠨᠵᠢᠪᠤᠷᠢᠳᠦ ᠰᠤᠭᠤᠯᠤᠭ᠎ᠠ ᠳᠤ | ᠤᠷᠤᠯᠴᠠᠭᠴᠢ ᠶᠢᠨ ᠬᠠᠦᠯᠢ ᠶᠣᠰᠣᠨ ᠤ ᠡᠷᠭᠡ ᠠᠰᠢᠭ ᠢ ᠬᠠᠮᠠᠭᠠᠯᠠᠨ᠂ ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ | ᠲᠦᠯᠦᠭᠡ ᠲᠤᠰ ᠲᠦᠷᠢᠮ ᠢ ᠲᠤᠭᠳᠠᠭᠠᠪᠠ᠃ | ᠬᠤᠶᠠᠳᠤᠭᠠᠷ ᠵᠤᠷᠪᠤᠰ ᠲᠤᠰ ᠲᠦᠷᠢᠮ ᠳᠤ ᠵᠢᠭᠠᠭᠰᠠᠨ ᠬᠤᠨᠵᠢᠪᠤᠷᠢᠳᠦ ᠰᠤᠭᠤᠯᠤᠭ᠎ᠠ ᠪᠤᠯ ᠤᠯᠤᠰ ᠠᠴᠠ ᠨᠡᠶᠢᠭᠡᠮ ᠨᠡᠶᠢᠳᠡ ᠶᠢᠨ ᠠᠰᠠᠷᠠᠮᠵᠢ ᠶᠢᠨ ᠪᠡᠯᠡ | ᠮᠦᠩᠭᠦ ᠬᠤᠷᠠᠮᠳᠤᠭᠤᠯᠵᠦ᠂ ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠲᠦᠯᠦᠭᠡ ᠤᠨᠴᠠ ᠵᠦᠪᠰᠢᠶᠡᠷᠡᠨ | ᠲᠠᠷᠬᠠᠭᠠᠭᠰᠠᠨ᠂ ᠬᠠᠦᠯᠢ ᠶᠤᠰᠤᠭᠠᠷ ᠪᠤᠷᠤᠯᠠᠭᠤᠯᠤᠨ ᠬᠤᠳᠠᠯᠳᠤᠵᠦ᠂ ᠡᠷᠭᠡᠳᠦ ᠠᠷᠠᠳ ᠰᠠᠶᠢᠨ ᠲᠤᠷ᠎ᠠ ᠠᠴᠠ ᠪᠠᠨ ᠬᠤᠳᠠᠯᠳᠤᠨ ᠠᠪᠴᠦ᠂ ᠲᠤᠰᠬᠠᠢ ᠲᠦᠷᠢᠮ ᠤᠨ | ᠲᠠᠭᠠᠦ ᠱᠠᠩᠨᠠᠯ ᠤᠯᠬᠤ ᠵᠠᠪᠰᠢᠶᠠᠨ ᠪᠦᠬᠦᠢ ᠭᠡᠷᠡᠴᠢ ᠪᠠᠷᠢᠮᠳᠠ ᠪᠤᠯᠤᠨ᠎ᠠ᠃ ᠬᠤᠨᠵᠢᠪᠤᠷᠢᠳᠦ ᠰᠤᠭᠤᠯᠤᠭ᠎ᠠ ᠪᠤᠯ ᠡᠬᠡ ᠮᠥᠩᠭᠦ ᠶᠢ ᠪᠤᠴᠠᠭᠠᠬᠤ ᠦᠭᠡᠢ᠂ ᠬᠦᠦ ᠮᠦᠩᠭᠦ | ᠪᠤᠳᠤᠵᠦ ᠦᠭᠭᠦ ᠦᠭᠡᠢ᠃ | ᠭᠤᠷᠪᠠᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠠᠴᠠ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ | ᠰᠤᠭᠤᠯᠤᠭ᠎ᠠ ᠶᠢ ᠤᠨᠴᠠ ᠵᠦᠪᠰᠢᠶᠡᠷᠡᠨ ᠲᠠᠷᠬᠠᠭᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠ ᠵᠦᠪᠰᠢᠶᠡᠷᠡᠯ ᠦᠭᠡᠢ ᠪᠠᠷ ᠪᠤᠰᠤᠳ ᠬᠤᠨᠵᠢᠪᠤᠷᠢᠳᠦ | ᠰᠤᠭᠤᠯᠤᠭ᠎ᠠ ᠶᠢ ᠲᠠᠷᠬᠠᠭᠠᠬᠤ ᠶᠢ ᠬᠤᠷᠢᠭᠯᠠᠨ᠎ᠠ᠃ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠲᠤᠳᠤᠷ᠎ᠠ ᠬᠢᠯᠢ ᠶᠢᠨ ᠭᠠᠳᠠᠨᠠᠬᠢ ᠬᠤᠨᠵᠢᠪᠤᠷᠢᠳᠦ | ᠰᠤᠭᠤᠯᠤᠭ᠎ᠠ ᠶᠢ ᠲᠠᠷᠬᠠᠭᠠᠨ ᠬᠤᠳᠠᠯᠳᠤᠬᠤ ᠶᠢ ᠬᠤᠷᠢᠭᠯᠠᠨ᠎ᠠ᠃ | ᠲᠦᠷᠪᠡᠳᠦᠭᠡᠷ ᠵᠤᠷᠪᠤᠰ ᠬᠤᠨᠵᠢᠪᠤᠷᠢᠳᠦ ᠰᠣᠭᠤᠯᠤᠭ᠎ᠠ ᠶᠢᠨ ᠲᠠᠷᠬᠠᠭᠠᠬᠤ᠂ ᠪᠤᠷᠤᠯᠠᠭᠤᠯᠵᠦ ᠬᠤᠳᠠᠯᠳᠤᠬᠤ ᠪᠤᠯᠤᠨ ᠱᠠᠩᠨᠠᠯ ᠨᠡᠭᠡᠭᠡᠬᠦ ᠨᠢ ᠢᠯᠡ ᠲᠤᠳᠦ᠂ | ᠡᠷᠭᠡ ᠲᠡᠭᠰᠢ᠂ ᠲᠦᠪ ᠭᠤᠤᠯᠴᠢ ᠪᠠ ᠦᠨᠡᠨᠴᠢ ᠢᠳᠡᠭᠡᠮᠵᠢᠳᠡᠢ ᠵᠠᠷᠴᠢᠮ ᠢ ᠵᠢᠷᠤᠮᠯᠠᠬᠤ ᠬᠡᠷᠡᠭᠳᠡᠢ᠃ | ᠲᠠᠪᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠪᠦᠬᠦ ᠤᠯᠤᠰ ᠤᠨ ᠬᠤᠨᠵᠢᠪᠤᠷᠢᠳᠦ | ᠰᠣᠭᠤᠯᠤᠭ᠎ᠠ ᠶᠢᠨ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠲᠠᠭᠠᠦ ᠪᠦᠬᠦ ᠤᠯᠤᠰ ᠤᠨ ᠠᠰᠠᠷᠠᠮᠵᠢ ᠶᠢᠨ | ᠬᠤᠨᠵᠢᠪᠤᠷᠢᠳᠦ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠤᠭᠤᠯᠤᠭ᠎ᠠ ᠤ ᠬᠠᠮᠢᠶᠠᠷᠤᠯᠳᠠ ᠶᠢᠨ ᠠᠵᠢᠯ ᠢ ᠲᠤᠰ ᠲᠤᠰ ᠬᠠᠷᠢᠭᠤᠴᠠᠨ᠎ᠠ᠃ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤᠰ ᠵᠠᠰᠠᠭ | ᠵᠠᠬᠢᠷᠭᠠᠨ ᠤ ᠤᠷᠤᠨ ᠨᠤᠳᠤᠭ ᠤᠨ ᠬᠤᠨᠵᠢᠪᠤᠷᠢᠳᠦ ᠰᠣᠭᠤᠯᠤᠭ᠎ᠠ ᠤ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠲᠠᠭᠠᠦ ᠲᠤᠰ ᠵᠠᠰᠠᠭ ᠵᠠᠬᠢᠷᠭᠠᠨ ᠤ | ᠤᠷᠤᠨ ᠨᠤᠳᠤᠭ ᠤᠨ ᠠᠰᠠᠷᠠᠮᠵᠢ ᠶᠢᠨ ᠬᠤᠨᠵᠢᠪᠤᠷᠢᠳᠦ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠤᠭᠤᠯᠤᠭ᠎ᠠ ᠤ ᠬᠠᠮᠢᠶᠠᠷᠤᠯᠳᠠ ᠶᠢᠨ ᠠᠵᠢᠯ ᠢ ᠲᠤᠰ | ᠲᠤᠰ ᠬᠠᠷᠢᠭᠤᠴᠠᠨ᠎ᠠ᠃ | ᠰᠢᠶᠠᠨ ᠤ ᠱᠠᠳᠣᠨ ᠠᠴᠠ ᠲᠡᠭᠡᠭᠰᠢᠬᠢ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠯᠤᠨ ᠰᠢᠶᠠᠨ ᠤ | ᠱᠠᠳᠣᠨ ᠠᠴᠠ ᠲᠡᠭᠡᠭᠰᠢᠬᠢ ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠠᠴᠠ ᠦᠪᠡᠷᠰᠡᠳ ᠤᠨ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠤ ᠬᠠᠦᠯᠢ ᠪᠤᠰᠦ ᠬᠤᠵᠢᠪᠤᠷᠢᠳᠤ ᠰᠤᠭᠤᠯᠤᠭ᠎ᠠ ᠶᠢ ᠬᠠᠦᠯᠢ ᠶᠢᠨ ᠲᠠᠭᠠᠦ ᠪᠠᠶᠢᠴᠠᠭᠠᠨ ᠰᠢᠢᠳᠭᠡᠵᠦ᠂ ᠬᠤᠨᠵᠢᠪᠤᠷᠢᠳᠦ | ᠰᠣᠭᠤᠯᠤᠭ᠎ᠠ ᠤ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠎ᠠ᠃ | ᠬᠤᠶᠠᠳᠤᠭᠠᠷ ᠪᠦᠯᠦᠭ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠤᠯᠤᠨ ᠪᠤᠷᠤᠯᠠᠭᠤᠯᠵᠦ ᠬᠤᠳᠠᠯᠳᠤᠬᠤ ᠬᠠᠮᠢᠶᠠᠷᠤᠯᠳᠠ | ᠵᠢᠷᠭᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠬᠠᠦᠯᠢ ᠶᠤᠰᠤᠭᠠᠷ ᠪᠠᠶᠢᠭᠤᠯᠤᠭᠰᠠᠨ ᠠᠰᠠᠷᠠᠮᠵᠢ ᠶᠢᠨ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠪᠡᠶ᠎ᠡ ᠶᠢᠨ ᠲᠠᠮᠢᠷ ᠤᠨ | ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ︵ᠲᠤᠷᠤᠭᠰᠢ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠭᠡᠵᠦ ᠲᠦᠭᠦᠮᠴᠢᠯᠡᠨ᠎ᠡ︶ ᠨᠢ | ᠪᠦᠬᠦ ᠤᠯᠤᠰ ᠤᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠣᠭᠤᠯᠤᠭ᠎ᠠ ᠶᠢᠨ ᠲᠠᠷᠬᠠᠭᠠᠬᠤ ᠪᠠ ᠵᠤᠬᠢᠶᠠᠨ | ᠪᠠᠶᠢᠭᠤᠯᠵᠦ ᠪᠤᠷᠤᠯᠠᠭᠤᠯᠵᠦ ᠬᠤᠳᠠᠯᠳᠤᠬᠤ ᠠᠵᠢᠯ ᠢ ᠲᠤᠰ ᠲᠤᠰ ᠬᠠᠷᠢᠭᠤᠴᠠᠨ᠎ᠠ᠃ ᠮᠤᠵᠢ᠂ ᠦᠪᠡᠷᠳᠡᠭᠡᠨ ᠵᠠᠰᠠᠬᠤ ᠤᠡᠤᠨ᠂ ᠰᠢᠭᠤᠳ ᠬᠠᠷᠢᠶᠠᠳᠤ ᠬᠤᠳᠠ ᠶᠢᠨ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠦᠯᠢ | ᠶᠤᠰᠤᠭᠠᠷ ᠪᠠᠶᠢᠭᠤᠯᠤᠭᠰᠠᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠯᠮᠵᠢ᠂ ᠪᠡᠶ᠎ᠡ ᠶᠢᠨ ᠲᠠᠮᠢᠷ ᠤᠨ ᠬᠤᠨᠵᠢᠪᠤᠷᠢᠳᠤ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ︵ᠲᠤᠷᠤᠭᠰᠢ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠭᠡᠵᠦ | ᠲᠦᠭᠦᠮᠴᠢᠯᠡᠨ᠎ᠡ︶ ᠨᠢ ᠲᠤᠰ ᠵᠠᠰᠠᠭ ᠵᠠᠬᠢᠷᠭᠠᠨ ᠤ ᠤᠷᠤᠨ ᠨᠤᠳᠤᠭ ᠤᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠠᠵᠢᠯ ᠢ ᠲᠤᠰ ᠲᠤᠰ ᠬᠠᠷᠢᠭᠤᠴᠠᠨ᠎ᠠ᠃ | ᠲᠤᠯᠤᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ | ᠲᠠᠮᠢᠷ ᠤᠨ ᠬᠤᠨᠵᠢᠪᠤᠷᠢᠳᠤ ᠰᠣᠭᠤᠯᠤᠭ᠎ᠠ ᠶᠢᠨ ᠪᠤᠳᠠᠳᠠᠢ ᠲᠦᠷᠦᠯ ᠵᠦᠢᠯ ︵ᠲᠤᠷᠤᠭᠰᠢ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠬᠡᠵᠦ ᠲᠦᠭᠦᠮᠴᠢᠯᠡᠨ᠎ᠡ︶ | ᠢ ᠨᠡᠭᠡᠭᠡᠬᠦ᠂ ᠵᠤᠭᠰᠤᠭᠠᠬᠤ ᠶᠢ ᠭᠤᠶᠤᠴᠢᠯᠠᠬᠤ ᠪᠤᠶᠤ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠭᠦᠯᠬᠦ ᠵᠦᠢᠯᠡᠰ ᠢ ᠬᠤᠪᠢᠷᠭᠠᠬᠤ ᠶᠢ | ᠭᠤᠶᠤᠴᠢᠯᠠᠬᠤ ᠢ ᠲᠤᠰ ᠲᠦᠷᠢᠮ ᠳᠤ ᠲᠤᠭᠳᠠᠭᠠᠭᠰᠠᠨ ᠶᠠᠪᠤᠴᠠ ᠶᠢᠨ ᠲᠠᠭᠠᠦ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ | ᠮᠡᠳᠡᠭᠦᠯᠵᠦ ᠵᠦᠪᠰᠢᠶᠡᠷᠡᠭᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠤ ᠰᠣᠭᠤᠯᠤᠭ᠎ᠠ ᠶᠢᠨ | ᠵᠠᠬ᠎ᠠ ᠲᠡᠯᠭᠡᠭᠦᠷ ᠤᠨ ᠡᠷᠡᠭᠦᠯ ᠢᠶᠠᠷ ᠬᠦᠭᠵᠢᠬᠦ ᠬᠡᠷᠡᠭᠴᠡᠭᠡ ᠶᠢ ᠦᠨᠳᠦᠰᠦᠯᠡᠵᠦ᠂ ᠬᠤᠨᠵᠢᠪᠤᠷᠢᠳᠤ ᠰᠣᠭᠤᠯᠤᠭ᠎ᠠ ᠶᠢᠨ ᠵᠠᠬ᠎ᠠ ᠲᠡᠯᠭᠡᠭᠦᠷ ᠪᠤᠯᠤᠨ ᠬᠤᠨᠵᠢᠪᠤᠷᠢᠳᠤ | ᠰᠣᠭᠤᠯᠤᠭ᠎ᠠ ᠶᠢᠨ ᠲᠦᠷᠦᠯ ᠵᠦᠢᠯ ᠤᠨ ᠪᠦᠳᠦᠴᠡ ᠶᠢ ᠵᠦᠢ ᠵᠤᠬᠢᠰᠳᠠᠢ ᠪᠠᠷ ᠲᠦᠯᠦᠪᠵᠢᠭᠦᠯᠬᠦ᠂ ᠬᠤᠨᠵᠢᠪᠤᠷᠢᠳᠤ ᠰᠣᠭᠤᠯᠤᠭ᠎ᠠ ᠶᠢᠨ ᠠᠶᠤᠯ ᠲᠦᠭᠰᠢᠭᠦᠷᠢ ᠶᠢ | ᠴᠢᠩᠭ᠎ᠠ ᠡᠵᠡᠮᠰᠢᠬᠦ ᠵᠠᠷᠴᠢᠮ ᠤᠨ ᠲᠠᠭᠠᠦ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ ᠭᠤᠶᠤᠴᠢᠯᠠᠯ ᠳᠤ ᠬᠢᠨᠠᠨ ᠪᠠᠶᠢᠴᠠᠭᠠᠯᠳᠠ ᠬᠢᠨ᠎ᠡ᠃ | ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠨᠢ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠨᠡᠬᠡᠬᠡᠭᠦ ᠶᠢ | ᠭᠤᠶᠤᠴᠢᠯᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠢᠨᠠᠵᠦ ᠬᠠᠷᠭᠤᠯᠤᠨ ᠵᠦᠪᠰᠢᠶᠡᠷᠡᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠲᠤ ᠲᠠᠷᠠᠭᠠᠬᠢ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠨ᠎ᠠ᠄ | ︵ᠨᠢᠭᠡ︶ ᠭᠤᠶᠤᠴᠢᠯᠠᠯ ᠤᠨ ᠪᠢᠴᠢᠭ︔ | ︵ᠬᠤᠶᠠᠷ︶ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠤᠨ ᠲᠦᠷᠢᠮ︔ | ︵ᠭᠤᠷᠪᠠ︶ ᠲᠠᠷᠬᠠᠭᠠᠬᠤ ᠬᠡᠯᠪᠡᠷᠢ᠂ ᠲᠠᠷᠬᠠᠭᠠᠬᠤ ᠬᠦᠷᠢᠶ᠎ᠡ ᠬᠡᠪᠴᠢᠶ᠎ᠡ︔ | ︵ᠲᠦᠷᠪᠡ︶ ᠵᠠᠬ᠎ᠠ ᠲᠡᠯᠭᠡᠭᠦᠷ ᠤᠨ ᠵᠠᠳᠠᠯᠤᠯᠳᠠ ᠶᠢᠨ ᠮᠡᠳᠡᠭᠦᠯᠦᠯᠳᠡ ᠵᠢᠴᠢ ᠮᠡᠷᠭᠡᠵᠢᠯ ᠤᠨ ᠬᠡᠷᠡᠭᠵᠢᠭᠦᠯᠵᠦ ᠪᠤᠯᠬᠤ ᠵᠠᠳᠠᠯᠤᠯᠳᠠ ᠶᠢᠨ ᠮᠡᠳᠡᠭᠦᠯᠦᠯᠳᠡ︔ | ︵ᠲᠠᠪᠤ︶ ᠱᠠᠩᠨᠠᠯ ᠨᠡᠭᠡᠭᠡᠬᠦ᠂ ᠱᠠᠩᠨᠠᠯ ᠤᠯᠭᠤᠬᠤ ᠠᠵᠢᠯᠯᠠᠭᠠᠨ ᠤ ᠲᠦᠷᠢᠮ︔ | ︵ᠵᠢᠷᠭᠤᠭ᠎ᠠ︶ ᠠᠶᠤᠯ ᠲᠦᠭᠰᠢᠭᠦᠷᠢ ᠶᠢ ᠡᠵᠡᠮᠰᠢᠬᠦ ᠲᠦᠰᠦᠯ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠬᠦᠯᠢᠶᠡᠨ | ᠠᠪᠴᠦ ᠰᠢᠢᠳᠪᠦᠷᠢᠯᠡᠭᠰᠡᠨ ᠠᠴᠠ ᠡᠬᠢᠯᠡᠨ 90 ᠠᠵᠢᠯ ᠤᠨ ᠡᠳᠦᠷ ᠤᠨ ᠲᠤᠳᠤᠷ᠎ᠠ᠂ ᠲᠤᠰᠬᠠᠢ ᠮᠡᠷᠭᠡᠵᠢᠯᠳᠡᠨ ᠤ ᠬᠢᠨᠠᠨ ᠲᠤᠭᠳᠠᠭᠠᠯᠳᠠ᠂ ᠪᠠᠳᠤᠯᠠᠬᠤ ᠬᠤᠷᠠᠯ ᠵᠡᠷᠭᠡ | ᠠᠷᠭ᠎ᠠ ᠬᠡᠯᠪᠡᠷᠢ ᠪᠠᠷ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠢ ᠨᠡᠭᠡᠭᠡᠬᠦ ᠲᠠᠯ᠎ᠠ ᠪᠠᠷ ᠨᠡᠶᠢᠭᠡᠮ ᠤᠨ ᠰᠠᠨᠠᠯ ᠢ ᠰᠤᠨᠤᠰᠴᠦ᠂ ᠭᠤᠶᠤᠴᠢᠯᠠᠯ ᠳᠤ ᠬᠢᠨᠠᠨ | ᠪᠠᠶᠢᠴᠠᠭᠠᠯᠳᠠ ᠬᠢᠵᠦ ᠪᠢᠴᠢᠭ ᠤᠨ ᠰᠢᠢᠳᠪᠦᠷᠢ ᠭᠠᠷᠭᠠᠨ᠎ᠠ᠃ | ᠶᠢᠰᠦᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠠᠴᠠ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠤᠨ ᠲᠦᠷᠢᠮ᠂ | ᠲᠠᠷᠬᠠᠭᠠᠬᠤ ᠬᠡᠯᠪᠡᠷᠢ᠂ ᠲᠠᠷᠬᠠᠭᠠᠬᠤ ᠬᠡᠪᠴᠢᠶ᠎ᠡ ᠢ ᠦᠭᠡᠷᠡᠴᠢᠯᠡᠬᠦ ᠵᠡᠷᠭᠡ ᠭᠤᠶᠤᠴᠢᠯᠠᠯ ᠤᠨ ᠬᠢᠨᠠᠨ ᠵᠦᠪᠰᠢᠶᠡᠷᠡᠭᠦᠯᠬᠦ ᠵᠦᠢᠯᠡᠰ ᠢ ᠲᠦᠷᠦ ᠶᠢᠨ ᠶᠠᠪᠤᠳᠠᠯ ᠤᠨ | ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠭᠤᠶᠤᠴᠢᠯᠠᠯ | ᠭᠠᠷᠭᠠᠵᠦ᠂ ᠦᠭᠡᠷᠡᠴᠢᠯᠡᠬᠦ ᠵᠦᠢᠯ ᠲᠠᠢ ᠬᠠᠮᠢᠶᠠᠳᠠᠢ ᠮᠠᠲ᠋ᠧᠷᠢᠶᠠᠯ ᠢᠶᠠᠨ ᠲᠤᠰᠢᠶᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠭᠤᠶᠤᠴᠢᠯᠠᠯ ᠢ ᠬᠦᠯᠢᠶᠡᠨ ᠠᠪᠴᠦ ᠰᠢᠢᠳᠪᠦᠷᠢᠯᠡᠭᠰᠡᠨ ᠡᠳᠦᠷ ᠠᠴᠠ ᠡᠬᠢᠯᠡᠨ 45 ᠠᠵᠢᠯ ᠤᠨ ᠡᠳᠦᠷ ᠤᠨ ᠲᠤᠳᠤᠷ᠎ᠠ᠂ ᠭᠤᠶᠤᠴᠢᠯᠠᠯ ᠳᠤ ᠬᠢᠨᠠᠨ | ᠪᠠᠶᠢᠴᠠᠭᠠᠯᠳᠠ ᠬᠢᠵᠦ᠂ ᠪᠢᠴᠢᠭ ᠤᠨ ᠰᠢᠢᠳᠪᠦᠷᠢ ᠭᠠᠷᠭᠠᠨ᠎ᠠ᠃ | ᠠᠷᠪᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠠᠴᠠ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠢ | ᠵᠤᠭᠰᠤᠭᠠᠬᠤ ᠶᠢ ᠭᠤᠶᠤᠴᠢᠯᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ | ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠪᠢᠴᠢᠭ ᠤᠨ ᠭᠤᠶᠤᠴᠢᠯᠠᠯ ᠭᠠᠷᠭᠠᠨ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠢ | ᠵᠤᠭᠰᠤᠭᠠᠬᠤ ᠲᠠᠢ ᠬᠠᠮᠢᠶᠠᠳᠠᠢ ᠮᠠᠲ᠋ᠧᠷᠢᠶᠠᠯ ᠢᠶᠠᠨ ᠲᠤᠰᠢᠶᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠭᠤᠶᠤᠴᠢᠯᠠᠯ ᠢ | ᠬᠦᠯᠢᠶᠡᠨ ᠠᠪᠴᠦ ᠰᠢᠢᠳᠪᠦᠷᠢᠯᠡᠭᠰᠡᠨ ᠠᠴᠠ ᠡᠬᠢᠯᠡᠨ 10 ᠠᠵᠢᠯ ᠤᠨ ᠡᠳᠦᠷ ᠤᠨ ᠲᠤᠳᠤᠷ᠎ᠠ ᠭᠤᠶᠤᠴᠢᠯᠠᠯ ᠢ ᠬᠢᠨᠠᠨ ᠪᠠᠶᠢᠴᠠᠭᠠᠵᠦ ᠪᠢᠴᠢᠭ ᠤᠨ ᠰᠢᠢᠳᠪᠦᠷᠢ | ᠭᠠᠷᠭᠠᠨ᠎ᠠ᠃ | ᠠᠷᠪᠠᠨ ᠨᠢᠭᠡᠳᠦᠭᠡᠷ ᠵᠤᠷᠪᠤᠰ ᠬᠤᠨᠵᠢᠪᠤᠷᠢᠳᠦ ᠰᠣᠭᠤᠯᠤᠭ᠎ᠠ ᠶᠢᠨ ᠲᠦᠷᠦᠯ ᠵᠦᠢᠯ ᠢ ᠨᠡᠭᠡᠭᠡᠬᠦ᠂ ᠵᠤᠭᠰᠤᠭᠠᠬᠤ ᠪᠤᠶᠤ ᠬᠤᠨᠵᠢᠪᠤᠷᠢᠳᠦ ᠰᠤᠭᠤᠯᠤᠭ᠎ᠠ ᠶᠢᠨ | ᠲᠦᠷᠦᠯ ᠵᠦᠢᠯ ᠤᠨ ᠬᠢᠨᠠᠨ ᠵᠦᠪᠰᠢᠶᠡᠷᠡᠬᠦ ᠵᠦᠢᠯᠡᠰ ᠢ ᠬᠤᠪᠢᠷᠭᠠᠬᠤ ᠵᠦᠪᠰᠢᠶᠡᠷᠡᠯ ᠤᠯᠤᠭᠰᠠᠨ ᠤ ᠲᠠᠷᠠᠭ᠎ᠠ᠂ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ | ᠪᠠᠶᠢᠭᠤᠯᠤᠮᠵᠢ ᠨᠢ ᠬᠤᠨᠵᠢᠪᠤᠷᠢᠳᠦ ᠰᠣᠭᠤᠯᠤᠭ᠎ᠠ ᠶᠢᠨ ᠲᠦᠷᠦᠯ ᠵᠦᠢᠯ ᠨᠡᠭᠡᠭᠡᠬᠦ᠂ ᠬᠤᠪᠢᠷᠭᠠᠬᠤ᠂ ᠵᠤᠭᠰᠤᠭᠠᠬᠤ ᠠᠴᠠ 10 ᠪᠠᠶᠢᠭᠠᠯᠢ ᠶᠢᠨ ᠡᠳᠦᠷ ᠤᠨ ᠡᠮᠦᠨ᠎ᠡ | ᠬᠤᠯᠪᠤᠭᠳᠠᠯ ᠪᠦᠭᠦᠢ ᠮᠡᠳᠡᠭᠡ ᠵᠠᠩᠭᠢ ᠶᠢ ᠨᠡᠶᠢᠭᠡᠮ ᠳᠤ ᠵᠠᠷᠯᠠᠬᠤ ᠬᠡᠷᠡᠭᠳᠡᠢ᠃ | ᠠᠷᠪᠠᠨ ᠬᠤᠶᠠᠳᠤᠭᠠᠷ ᠵᠤᠷᠪᠤᠰ ᠨᠡᠶᠢᠭᠡᠮ ᠨᠡᠶᠢᠳᠡ ᠶᠢᠨ ᠠᠰᠢᠭ ᠲᠤᠰᠠ ᠶᠢ ᠬᠠᠮᠠᠭᠠᠯᠠᠬᠤ ᠱᠠᠭᠠᠷᠳᠠᠯᠭ᠎ᠠ ᠠᠴᠠ ᠪᠤᠯᠤᠭᠰᠠᠨ ᠪᠠᠴᠢᠮ ᠪᠠᠶᠢᠳᠠᠯ ᠳᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠴᠢᠬᠤᠯᠠ ᠠᠷᠭ᠎ᠠ ᠬᠡᠮᠵᠢᠶ᠎ᠡ ᠠᠪᠴᠦ᠂ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠤᠨ | ᠬᠢᠨᠠᠨ ᠵᠦᠪᠰᠢᠶᠡᠷᠡᠬᠦ ᠵᠦᠢᠯᠡᠰ ᠢ ᠬᠤᠪᠢᠷᠭᠠᠬᠤ ᠪᠤᠶᠤ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠢ ᠵᠤᠭᠰᠤᠭᠠᠬᠤ ᠶᠢ ᠰᠢᠢᠳᠴᠦ ᠪᠤᠯᠤᠨ᠎ᠠ᠃ | ᠠᠷᠪᠠᠨ ᠭᠤᠷᠪᠠᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠠᠴᠠ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠦᠷᠢᠮ ᠤᠨ ᠲᠤᠭᠳᠠᠭᠠᠯ ᠶᠤᠰᠤᠭᠠᠷ | ᠪᠠᠷᠢᠮᠵᠢᠶ᠎ᠠ ᠳᠤ ᠨᠡᠶᠢᠴᠡᠭᠰᠡᠨ ᠬᠤᠨᠵᠢᠪᠤᠷᠢᠳᠦ ᠰᠣᠭᠤᠯᠤᠭ᠎ᠠ ᠶᠢᠨ ᠲᠦᠭᠦᠭᠡᠷᠦᠮᠵᠢ ᠪᠤᠯᠤᠨ ᠮᠡᠷᠭᠡᠵᠢᠯ ᠤᠨ ᠦᠢᠯᠡᠴᠢᠯᠡᠭᠡ ᠬᠤᠳᠠᠯᠳᠤᠨ ᠠᠪᠬᠤ ᠬᠡᠷᠡᠭᠳᠡᠢ᠃ | ᠬᠤᠨᠵᠢᠪᠤᠷᠢᠳᠦ ᠰᠣᠭᠤᠯᠤᠭ᠎ᠠ ᠶᠢᠨ ᠲᠦᠭᠦᠭᠡᠷᠦᠮᠵᠢ ᠪᠤᠯᠤᠨ ᠮᠡᠷᠭᠡᠵᠢᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ ᠤᠯᠤᠰ ᠤᠨ ᠬᠤᠯᠪᠤᠭᠳᠠᠯ ᠪᠦᠬᠦᠢ ᠪᠠᠷᠢᠮᠵᠢᠶᠠᠵᠢᠭᠤᠯᠬᠤ ᠬᠠᠦᠯᠢ ᠴᠠᠭᠠᠵᠠ᠂ ᠵᠠᠰᠭ ᠵᠠᠬᠢᠷᠭᠠᠨ ᠤ ᠬᠠᠦᠯᠢ | ᠲᠤᠭᠳᠠᠭᠠᠯ ᠤᠨ ᠲᠠᠭᠠᠦ ᠲᠤᠭᠳᠠᠭᠠᠨ᠎ᠠ᠃ | ᠠᠷᠪᠠᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠨᠢ ᠠᠶᠤᠯ ᠲᠦᠭᠰᠢᠭᠦᠷᠢ ᠶᠢᠨ ᠬᠠᠮᠢᠶᠠᠷᠤᠯᠳᠠ ᠶᠢᠨ ᠲᠤᠭᠳᠠᠯᠴᠠᠭ᠎ᠠ ᠪᠠ ᠰᠡᠵᠢᠭᠳᠡᠢ ᠪᠡᠯᠡ ᠮᠦᠩᠭᠦᠨ ᠤ ᠮᠡᠳᠡᠭᠦᠯᠦᠯᠳᠡ ᠶᠢᠨ ᠲᠦᠷᠢᠮ ᠢ ᠪᠠᠶᠢᠭᠤᠯᠵᠦ᠂ | ᠬᠤᠨᠵᠢᠪᠤᠷᠢᠳᠦ ᠰᠣᠭᠤᠯᠤᠭ᠎ᠠ ᠶᠢᠨ ᠲᠠᠷᠬᠠᠭᠠᠬᠤ ᠪᠠ ᠪᠤᠷᠤᠯᠠᠭᠤᠯᠵᠦ ᠬᠤᠳᠠᠯᠳᠤᠬᠤ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ ᠬᠤᠨᠵᠢᠪᠤᠷᠢᠳᠦ ᠰᠤᠭᠤᠯᠤᠭ᠎ᠠ | ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠬᠤᠨᠵᠢᠪᠤᠷᠢᠳᠦ ᠰᠣᠭᠤᠯᠤᠭ᠎ᠠ ᠶᠢᠨ ᠪᠤᠷᠤᠯᠠᠭᠤᠯᠵᠦ | ᠬᠤᠳᠠᠯᠳᠤᠬᠤ ᠰᠢᠰᠲ᠋ᠧᠮ ᠤᠨ ᠲᠤᠭ᠎ᠠ ᠪᠠᠷᠢᠮᠳᠠ ᠶᠢᠨ ᠬᠠᠮᠢᠶᠠᠷᠤᠯᠳᠠ᠂ ᠱᠠᠩᠨᠠᠯ ᠨᠡᠭᠡᠭᠡᠬᠦ ᠪᠠ ᠤᠯᠭᠤᠬᠤ ᠬᠠᠮᠢᠶᠠᠷᠤᠯᠳᠠ ᠵᠢᠴᠢ ᠬᠤᠨᠵᠢᠪᠤᠷᠢᠳᠦ ᠰᠣᠭᠤᠯᠤᠭ᠎ᠠ ᠶᠢᠨ | ᠪᠡᠯᠡ ᠮᠦᠩᠭᠦᠨ ᠤ ᠲᠦᠪᠯᠡᠷᠡᠭᠦᠯᠦᠨ ᠬᠠᠮᠢᠶᠠᠷᠤᠯᠳᠠ ᠶᠢ ᠬᠠᠷᠢᠭᠤᠴᠠᠨ᠎ᠠ᠂ ᠦᠭᠡᠷ᠎ᠡ ᠪᠤᠰᠤᠳ ᠲᠤ ᠨᠠᠶᠢᠳᠠᠨ ᠬᠠᠮᠢᠶᠠᠷᠠᠭᠤᠯᠵᠦ ᠪᠤᠯᠬᠤ ᠦᠭᠡᠢ᠃ | ᠠᠷᠪᠠᠨ ᠲᠠᠪᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠠᠴᠠ ᠪᠠᠶᠢᠭᠤᠯᠭ᠎ᠠ ᠪᠤᠶᠤ ᠬᠤᠪᠢ ᠬᠦᠮᠦᠨ ᠢ ᠨᠠᠶᠢᠳᠠᠵᠦ᠂ ᠬᠤᠨᠵᠢᠪᠤᠷᠢᠳᠦ ᠰᠤᠭᠤᠯᠤᠭ᠎ᠠ ᠶᠢ ᠤᠷᠤᠯᠠᠨ ᠬᠤᠳᠠᠯᠳᠤᠭᠤᠯᠵᠦ ᠪᠤᠯᠤᠨ᠎ᠠ᠃ | ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠨᠠᠶᠢᠳᠠᠯᠭ᠎ᠠ | ᠬᠦᠯᠢᠶᠡᠭᠰᠡᠨ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠲᠠᠢ ᠤᠷᠤᠯᠠᠨ ᠬᠤᠳᠠᠯᠳᠤᠬᠤ ᠭᠡᠷ᠎ᠡ ᠲᠤᠭᠳᠠᠬᠤ ᠬᠡᠷᠡᠭᠳᠡᠢ᠃ ᠠᠰᠠᠷᠠᠮᠵᠢ ᠶᠢᠨ ᠬᠤᠨᠵᠢᠪᠤᠷᠢᠳᠤ | ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠣᠭᠤᠯᠤᠭ᠎ᠠ ᠶᠢᠨ ᠤᠷᠤᠯᠠᠨ ᠬᠤᠳᠠᠯᠳᠤᠬᠤ ᠭᠡᠷ᠎ᠡ ᠶᠢᠨ ᠬᠡᠪ ᠲᠤᠪᠬᠢᠮᠠᠯ ᠢ ᠲᠦᠷᠦ ᠶᠢᠨ ᠶᠠᠪᠤᠳᠠᠯ ᠤᠨ | ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰ ᠲᠤᠰ ᠲᠤᠭᠳᠠᠭᠠᠨ᠎ᠠ᠃ | ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠠᠴᠠ ᠦᠭᠡᠷ᠎ᠡ ᠪᠤᠰᠤᠳ ᠢ ᠨᠠᠶᠢᠳᠠᠵᠦ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠤᠯᠵᠦ ᠪᠤᠯᠬᠤ | ᠦᠭᠡᠢ᠃ | ᠠᠷᠪᠠᠨ ᠵᠢᠷᠭᠤᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠬᠤᠨᠵᠢᠪᠤᠷᠢᠳᠦ ᠰᠤᠭᠤᠯᠤᠭ᠎ᠠ ᠤᠷᠤᠯᠠᠨ | ᠬᠤᠳᠠᠯᠳᠤᠭᠴᠢ ᠳᠤ ᠬᠤᠨᠵᠢᠪᠤᠷᠢᠳᠤ ᠰᠤᠭᠤᠯᠤᠭ᠎ᠠ ᠠᠪᠬᠤ ᠲᠤᠰᠬᠠᠢ ᠲᠦᠭᠦᠭᠡᠷᠦᠮᠵᠢ ᠲᠤᠭᠢᠷᠠᠭᠤᠯᠵᠦ ᠦᠭᠭᠦ ᠭᠡᠷᠡᠭᠳᠡᠢ᠃ ᠬᠤᠨᠵᠢᠪᠤᠷᠢᠳᠤ ᠰᠤᠭᠤᠯᠤᠭ᠎ᠠ ᠠᠪᠬᠤ | ᠲᠤᠰᠬᠠᠢ ᠲᠦᠭᠦᠭᠡᠷᠦᠮᠵᠢ ᠨᠢ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠳᠤ ᠬᠠᠷᠢᠶᠠᠯᠠᠭᠳᠠᠨ᠎ᠠ᠂ ᠬᠤᠨᠵᠢᠪᠤᠷᠢᠳᠦ ᠰᠤᠭᠤᠯᠤᠭ᠎ᠠ | ᠤᠷᠤᠯᠠᠨ ᠬᠤᠳᠠᠯᠳᠤᠭᠴᠢ ᠠᠴᠠ ᠲᠡᠭᠦᠨ ᠢ ᠵᠢᠭᠡᠯᠡᠭᠦᠯᠵᠦ᠂ ᠲᠦᠷᠢᠶᠡᠰᠠᠯᠡᠭᠦᠯᠵᠦ᠂ ᠬᠤᠳᠠᠯᠳᠦᠵᠦ ᠪᠤᠯᠬᠤ ᠦᠭᠡᠢ᠃ | ᠠᠷᠪᠠᠨ ᠲᠤᠯᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ | ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ ᠤᠨ ᠪᠠᠶᠢᠷᠢᠯᠠᠭᠤᠯᠤᠯᠳᠠ ᠶᠢ ᠨᠢᠭᠡᠳᠦᠯᠳᠡᠢ | ᠲᠦᠯᠦᠪᠯᠡᠨ ᠲᠦᠯᠦᠪᠵᠢᠭᠦᠯᠬᠦ ᠬᠡᠷᠡᠭᠳᠡᠢ᠃ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ ᠨᠢ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ | ᠪᠠᠶᠢᠭᠤᠯᠤᠮᠵᠢ ᠶᠢᠨ ᠨᠢᠭᠡᠳᠦᠯᠲᠡᠢ ᠱᠠᠭᠠᠷᠳᠠᠯᠭ᠎ᠠ ᠶᠢᠨ ᠳᠠᠭᠠᠦ᠂ ᠬᠤᠨᠵᠢᠪᠤᠷᠢᠳᠤ ᠰᠤᠭᠤᠯᠤᠭ᠎ᠠ ᠬᠤᠳᠠᠯᠳᠤᠬᠤ ᠲᠤᠳᠤᠷᠬᠠᠶᠢᠯᠠᠯᠳᠠ ᠶᠢᠨ ᠲᠡᠮᠳᠡᠭ ᠶᠢ ᠲᠤᠬᠢᠷᠠᠭᠤᠯᠵᠦ᠂ | ᠰᠡᠷᠡᠮᠵᠢᠯᠡᠯ ᠤᠨ ᠤᠷᠢᠶ᠎ᠠ ᠶᠢ ᠨᠠᠭᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠨᠢ ᠲᠠᠷᠠᠭᠠᠬᠢ ᠠᠵᠢᠯᠯᠠᠭ᠎ᠠ ᠶᠢ ᠬᠢᠵᠦ ᠪᠤᠯᠬᠤ ᠦᠬᠡᠢ᠄ ︵ᠨᠢᠭᠡ︶ ᠬᠤᠳᠠᠯ ᠬᠠᠭᠤᠷᠮᠠᠭᠴᠢ | ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠬᠤ︔ ︵ᠬᠤᠶᠠᠷ︶ ᠠᠳᠠᠯᠢ ᠲᠦᠷᠦᠯ ᠤᠨ ᠠᠵᠢᠯᠳᠠᠨ ᠢᠶᠠᠨ ᠭᠦᠳᠬᠡᠬᠦ ᠵᠡᠷᠭᠡ ᠠᠷᠭ᠎ᠠ ᠠᠪᠴᠠᠯ ᠢᠶᠠᠷ ᠵᠦᠢ ᠪᠤᠰᠦ ᠪᠠᠷ | ᠦᠷᠢᠰᠦᠯᠳᠦᠬᠦ︔ ︵ᠭᠤᠷᠪᠠ︶ ᠨᠠᠰᠤᠨ ᠳᠤ ᠦᠯᠦ ᠬᠦᠷᠦᠭᠰᠡᠳ ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠬᠤ︔ ︵ᠲᠦᠷᠪᠡ︶ ᠱᠡᠭᠡᠯᠡᠨ ᠪᠤᠷᠤᠯᠠᠭᠤᠯᠬᠤ | ᠪᠤᠶᠤ ᠢᠳᠡᠭᠡᠮᠵᠢ ᠶᠢᠨ ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠬᠤᠳᠠᠯᠳᠤᠬᠤ᠃ | ᠠᠷᠪᠠ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠶᠢ ᠤᠰᠠᠳᠬᠠᠬᠤ ᠴᠢᠬᠤᠯᠠᠲᠠᠢ ᠪᠤᠯ᠂ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ | ᠪᠠᠶᠢᠭᠤᠯᠤᠮᠵᠢ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠵᠦ ᠵᠦᠪᠰᠢᠶᠡᠷᠡᠭᠦᠯᠦᠭᠰᠡᠨ ᠤ ᠲᠠᠷᠠᠭ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠳᠠ ᠲᠤᠤᠷ᠎ᠠ ᠤᠰᠠᠳᠬᠠᠨ᠎ᠠ᠃ |