| | | ᠭᠤᠷᠪᠠᠳᠤᠭᠠᠷ ᠪᠦᠯᠦᠭ ᠬᠤᠨᠵᠢᠪᠤᠷᠢᠳᠦ ᠰᠤᠭᠤᠯᠤᠭ᠎ᠠ ᠤ ᠱᠠᠩᠨᠠᠯ ᠨᠡᠭᠡᠭᠡᠬᠦ ᠪᠠ ᠱᠠᠩᠨᠠᠯ ᠤᠯᠭᠤᠬᠤ ᠬᠠᠮᠢᠶᠠᠷᠤᠯᠳᠠ | ᠬᠤᠷᠢᠨ ᠨᠢᠭᠡᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠠᠴᠠ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠲᠦᠷᠢᠮ ᠪᠤᠯᠤᠨ ᠱᠠᠩᠨᠠᠯ ᠨᠡᠬᠡᠬᠡᠬᠦ ᠠᠵᠯᠯᠠᠭᠠᠨ ᠤ ᠲᠦᠷᠢᠮ ᠤᠨ ᠲᠠᠭᠠᠦ ᠱᠠᠩᠨᠠᠯ | ᠨᠡᠭᠡᠭᠡᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠠᠭ ᠤᠨ ᠣᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠤᠨᠵᠢᠪᠤᠷᠢᠳᠤ ᠰᠣᠭᠤᠯᠤᠭ᠎ᠠ ᠶᠢᠨ ᠱᠠᠩᠨᠠᠯ ᠨᠡᠭᠡᠭᠡᠬᠦ ᠬᠦᠳᠡᠯᠭᠡᠭᠡᠨ ᠳᠤ ᠬᠢᠨᠡᠯᠳᠠ | ᠲᠠᠯᠪᠢᠬᠤ ᠪᠠᠨ ᠴᠢᠩᠭᠠᠳᠬᠠᠵᠦ᠂ ᠬᠤᠨᠵᠢᠪᠤᠷᠢᠳᠦ ᠰᠣᠭᠤᠯᠤᠭ᠎ᠠ ᠶᠢᠨ ᠱᠠᠩᠨᠠᠯ ᠨᠡᠭᠡᠭᠡᠬᠦ ᠳᠤ ᠢᠯᠡ ᠲᠤᠳᠤ᠂ ᠲᠦᠪ ᠭᠤᠤᠯᠴᠢ ᠶᠢ ᠪᠠᠳᠤᠯᠠᠨ᠎ᠠ᠃ | ᠬᠤᠷᠢᠨ ᠬᠤᠶᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠦᠮᠵᠢ ᠨᠢ ᠬᠤᠨᠵᠢᠪᠤᠷᠢᠳᠤ ᠰᠣᠭᠤᠯᠤᠭ᠎ᠠ ᠶᠢᠨ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢᠨ ᠪᠦᠷᠢᠨ ᠪᠦᠳᠦᠨ᠂ ᠵᠦᠪ ᠤᠨᠤᠪᠴᠢᠳᠠᠢ ᠪᠤᠯᠤᠨ ᠠᠮᠤᠷ | ᠲᠦᠪᠰᠢᠨ ᠢ ᠪᠠᠳᠤᠯᠠᠨ᠎ᠠ᠃ ᠲᠤᠰ ᠬᠤᠭᠤᠴᠠᠭᠠᠨ ᠤ ᠬᠤᠨᠵᠢᠪᠤᠷᠢᠳᠤ ᠰᠣᠭᠤᠯᠤᠭ᠎ᠠ ᠶᠢᠨ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢ ᠪᠢᠳᠡᠭᠦᠮᠵᠢᠯᠡᠨ | ᠬᠠᠳᠠᠭᠠᠯᠠᠭᠰᠠᠨ ᠠᠴᠠ ᠱᠠᠩᠨᠠᠯ ᠨᠡᠭᠡᠭᠡᠬᠦ ᠬᠦᠳᠡᠯᠭᠡᠭᠡᠨ ᠲᠠᠭᠤᠰᠬᠤ ᠬᠦᠷᠳᠡᠯ᠎ᠡ᠂ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢ ᠡᠷᠢᠵᠦ ᠦᠵᠡᠵᠦ᠂ ᠬᠤᠪᠢᠷᠭᠠᠬᠤ ᠪᠤᠶᠤ | ᠤᠰᠠᠳᠬᠠᠵᠦ ᠪᠤᠯᠬᠤ ᠦᠭᠡᠢ᠃ | ᠬᠤᠷᠢᠨ ᠭᠤᠷᠪᠠᠳᠤᠭᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠤᠨ ᠬᠤᠳᠠᠯᠳᠣᠬᠤ | ᠪᠠᠶᠢᠭᠤᠯᠤᠮᠵᠢ ᠠᠴᠠ ᠱᠠᠩᠨᠠᠯ ᠨᠡᠭᠡᠭᠡᠬᠦ ᠲᠦᠭᠦᠭᠡᠷᠦᠮᠵᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠱᠠᠩᠨᠠᠯ ᠨᠡᠭᠡᠭᠡᠬᠦ ᠲᠦᠭᠦᠭᠡᠷᠦᠮᠵᠢ ᠶᠢᠨ ᠬᠡᠪ ᠤᠨ ᠠᠵᠯᠯᠠᠬᠤ ᠶᠢ | ᠪᠠᠳᠤᠯᠠᠵᠦ᠂ ᠪᠠᠰᠠ ᠱᠠᠩᠨᠠᠯ ᠨᠡᠭᠡᠭᠡᠬᠦ ᠪᠡᠯᠡᠳᠭᠡᠯ ᠲᠦᠭᠦᠭᠡᠷᠦᠮᠵᠢ ᠶᠢ ᠲᠤᠬᠢᠷᠠᠭᠤᠯᠬᠤ ᠬᠡᠷᠡᠭᠳᠡᠢ᠃ | ᠬᠤᠷᠢᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠤᠨ ᠬᠤᠳᠠᠯᠳᠣᠬᠤ | ᠪᠠᠶᠢᠭᠤᠯᠤᠮᠵᠢ ᠠᠴᠠ ᠬᠤᠭᠤᠴᠠᠭ᠎ᠠ ᠪᠦᠷᠢ ᠶᠢᠨ ᠬᠤᠨᠵᠢᠪᠤᠷᠢᠳᠤ ᠰᠣᠭᠤᠯᠤᠭ᠎ᠠ ᠶᠢᠨ ᠪᠤᠷᠤᠯᠠᠭᠤᠯᠤᠨ ᠬᠤᠳᠠᠯᠳᠤᠯᠳᠠ ᠲᠠᠭᠤᠰᠤᠭᠰᠠᠨ ᠤ ᠲᠠᠷᠠᠭ᠎ᠠ᠂ ᠲᠤᠰ | ᠬᠤᠭᠤᠴᠠᠭᠠᠨ ᠤ ᠬᠤᠨᠵᠢᠪᠤᠷᠢᠳᠦ ᠰᠣᠭᠤᠯᠤᠭ᠎ᠠ ᠶᠢᠨ ᠪᠤᠷᠤᠯᠠᠭᠤᠯᠤᠨ ᠬᠤᠳᠠᠯᠳᠤᠭᠰᠠᠨ ᠪᠠᠶᠢᠳᠠᠯ ᠪᠤᠯᠤᠨ ᠱᠠᠩᠨᠠᠯ ᠨᠡᠭᠡᠭᠡᠭᠰᠡᠨ ᠦᠷ᠎ᠡ ᠳ᠋ᠦᠩ ᠢ ᠴᠠᠭ ᠲᠤᠬᠠᠢ ᠳᠤᠨᠢ | ᠨᠡᠶᠢᠭᠡᠮ ᠳᠤ ᠨᠡᠶᠢᠳᠡᠯᠡᠬᠦ ᠭᠡᠷᠡᠭᠳᠡᠢ᠃ | ᠬᠤᠷᠢᠨ ᠲᠠᠪᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠳᠤ ᠱᠠᠩᠨᠠᠯ ᠤᠯᠤᠭᠴᠢ ᠨᠢ ᠱᠠᠩᠨᠠᠯ ᠨᠡᠭᠡᠭᠡᠭᠰᠡᠨ ᠡᠳᠦᠷ ᠠᠴᠠ ᠡᠬᠢᠯᠡᠨ 60 ᠪᠠᠶᠢᠭᠠᠯᠢ ᠶᠢᠨ | ᠡᠳᠦᠷ ᠤᠨ ᠲᠤᠳᠤᠷ᠎ᠠ᠂ ᠱᠠᠩᠨᠠᠯ ᠣᠯᠣᠭᠰᠠᠨ ᠬᠤᠨᠵᠢᠪᠤᠷᠢᠳᠤ ᠰᠤᠭᠤᠯᠤᠭ᠎ᠠ ᠪᠠᠨ ᠠᠪᠤᠭᠠᠳ ᠲᠤᠭᠳᠠᠭᠰᠠᠨ ᠭᠠᠵᠠᠷ ᠲᠤ ᠬᠦᠷᠴᠦ ᠱᠠᠩᠨᠠᠯ ᠢᠶᠠᠨ ᠲᠤᠰᠤᠨ᠎ᠠ᠂ | ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠲᠤᠭᠳᠠᠭᠠᠯ ᠳᠤ ᠪᠡᠶ᠎ᠡ ᠶᠢᠨ ᠦᠨᠡᠮᠯᠡᠬᠦ ᠪᠠᠨ ᠭᠠᠷᠭᠠᠬᠤ ᠴᠢᠬᠤᠯᠠᠳᠠᠢ ᠭᠡᠰᠡᠨ ᠪᠤᠯ᠂ ᠲᠤᠰ ᠬᠦᠮᠦᠨ ᠤ | ᠪᠡᠶ᠎ᠡ ᠶᠢᠨ ᠦᠨᠡᠮᠯᠡᠬᠦ ᠪᠠᠨ ᠭᠠᠷᠭᠠᠬᠤ ᠭᠡᠷᠡᠭᠳᠡᠢ᠃ ᠬᠤᠭᠤᠴᠠᠭ᠎ᠠ ᠨᠢ ᠬᠡᠳᠦᠷᠡᠵᠦ ᠱᠠᠩᠨᠠᠯ ᠢᠶᠠᠨ ᠲᠤᠰᠤᠬᠤ ᠦᠭᠡᠢ ᠪᠤᠯ ᠱᠠᠩᠨᠠᠯ ᠢᠶᠠᠨ ᠲᠠᠶᠠᠭᠳᠠᠭᠰᠠᠨ ᠢᠶᠠᠷ ᠦᠵᠡᠨ᠎ᠡ᠃ | ᠬᠠᠭᠤᠷᠮᠠᠭ ᠢᠶᠠᠷ ᠵᠤᠬᠢᠶᠠᠭᠰᠠᠨ᠂ ᠬᠤᠪᠢᠷᠠᠭᠤᠯᠵᠦ ᠦᠢᠯᠡᠳᠦᠭᠰᠡᠨ ᠬᠤᠨᠵᠢᠪᠤᠷᠢᠳᠦ ᠰᠤᠭᠤᠯᠤᠭ᠎ᠠ ᠶᠢ ᠬᠡᠷᠡᠭᠯᠡᠵᠦ ᠱᠠᠩᠨᠠᠯ ᠲᠤᠰᠬᠤ ᠶᠢ ᠬᠤᠷᠢᠭᠯᠠᠨ᠎ᠠ᠃ | ᠬᠤᠷᠢᠨ ᠵᠢᠷᠭᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ ᠠᠴᠠ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠲᠦᠷᠢᠮ ᠪᠠ ᠱᠠᠩᠨᠠᠯ | ᠣᠯᠭᠤᠬᠤ ᠠᠵᠢᠯᠯᠠᠭᠠᠨ ᠤ ᠲᠦᠷᠢᠮ ᠤᠨ ᠲᠠᠭᠠᠦ ᠱᠠᠩᠨᠠᠯ ᠤᠯᠭᠤᠨ᠎ᠠ᠃ ᠬᠤᠨᠵᠢᠪᠤᠷᠢᠳᠤ ᠰᠣᠭᠤᠯᠤᠭ᠎ᠠ ᠶᠢᠨ ᠱᠠᠩᠨᠠᠯ ᠤᠨ ᠮᠦᠩᠭᠦ ᠶᠢ ᠠᠷᠠᠳ ᠤᠨ ᠵᠤᠭᠤᠰ ᠪᠠᠷ | ᠪᠡᠯᠡᠨ ᠮᠦᠩᠭᠦ ᠪᠤᠶᠤ ᠪᠡᠯᠡᠨ ᠮᠦᠩᠭᠦᠨ ᠤ ᠪᠠᠷᠢᠮᠳᠠ ᠪᠠᠷ ᠨᠢᠭᠡᠯᠡ ᠣᠳᠠᠭ᠎ᠠ ᠳᠤ ᠰᠤᠯᠢᠵᠦ ᠦᠭᠭᠦᠨ᠎ᠡ᠃ ᠨᠠᠰᠤᠨ ᠳᠤ ᠦᠯᠦ ᠬᠦᠷᠦᠭᠰᠡᠳ ᠲᠤ ᠱᠠᠩᠨᠠᠯ ᠤᠯᠭᠤᠬᠤ | ᠦᠭᠡᠢ᠃ | ᠬᠤᠷᠢᠨ ᠳᠣᠯᠣᠳᠣᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ᠂ ᠬᠤᠨᠵᠢᠪᠤᠷᠢᠳᠦ ᠰᠣᠭᠤᠯᠤᠭ᠎ᠠ ᠤᠷᠤᠯᠠᠨ ᠬᠤᠳᠠᠯᠳᠤᠭᠴᠢ ᠵᠢᠴᠢ ᠪᠤᠰᠤᠳ ᠲᠤᠬᠠᠶᠢᠯᠠᠭᠰᠠᠨ ᠠᠵᠢᠯ ᠪᠤᠶᠤ ᠲᠤᠰᠢᠶᠠᠯ ᠤᠨ ᠲᠠᠰᠢᠷᠠᠮ ᠢᠶᠠᠷ ᠱᠠᠩᠨᠠᠯ | ᠤᠯᠤᠭᠴᠢ ᠶᠢᠨ ᠬᠤᠪᠢ ᠬᠦᠮᠦᠨ ᠤ ᠮᠡᠳᠡᠭᠡ ᠵᠠᠩᠬᠢ ᠶᠢ ᠮᠡᠳᠡᠪᠡᠯ᠂ ᠱᠠᠩᠨᠠᠯ ᠤᠯᠤᠭᠴᠢ ᠶᠢᠨ ᠮᠡᠳᠡᠭᠡ ᠵᠠᠩᠬᠢ ᠶᠢᠨ ᠨᠢᠭᠤᠴᠠ ᠶᠢ ᠬᠠᠮᠠᠭᠠᠯᠠᠬᠤ ᠭᠡᠷᠡᠭᠳᠡᠢ᠃ | ᠲᠦᠷᠪᠡᠳᠦᠭᠡᠷ ᠪᠦᠯᠦᠭ ᠬᠤᠨᠵᠢᠪᠤᠷᠢᠳᠤ ᠰᠤᠭᠤᠯᠤᠭ᠎ᠠ ᠤ ᠪᠡᠯᠡ ᠮᠦᠩᠭᠦ ᠶᠢᠨ ᠬᠠᠮᠢᠶᠠᠷᠤᠯᠳᠠ | ᠬᠤᠷᠢᠨ ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠪᠡᠯᠡ ᠮᠦᠩᠭᠦᠨ ᠳᠤ ᠬᠤᠨᠵᠢᠪᠤᠷᠢᠳᠦ ᠰᠤᠭᠤᠯᠤᠭ᠎ᠠ ᠤ ᠱᠠᠩᠨᠠᠯ ᠤᠨ ᠮᠦᠩᠭᠦ᠂ | ᠬᠤᠨᠵᠢᠪᠤᠷᠢᠳᠣ ᠰᠤᠭᠤᠯᠤᠭ᠎ᠠ ᠲᠠᠷᠬᠠᠭᠠᠬᠤ ᠵᠠᠷᠤᠳᠠᠯ ᠪᠤᠯᠤᠨ ᠬᠤᠨᠵᠢᠪᠤᠷᠢᠲᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠪᠠᠭᠳᠠᠨ᠎ᠠ᠃ ᠬᠤᠨᠵᠢᠪᠤᠷᠢᠳᠤ | ᠰᠣᠭᠤᠯᠤᠭ᠎ᠠ ᠶᠢᠨ ᠪᠡᠯᠡ ᠮᠦᠩᠭᠦᠨ ᠤ ᠪᠦᠷᠢᠯᠳᠦᠯ ᠤᠨ ᠬᠠᠷᠢᠴᠠᠯ ᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠰᠢᠢᠳᠦᠨ᠎ᠡ᠃ ᠬᠤᠨᠵᠢᠪᠤᠷᠢᠳᠣ ᠰᠣᠭᠤᠯᠤᠭ᠎ᠠ ᠶᠢᠨ | ᠲᠦᠷᠦᠯ ᠵᠦᠢᠯ ᠤᠨ ᠬᠤᠭᠤᠷᠤᠨᠳᠤᠬᠢ ᠬᠤᠨᠵᠢᠪᠤᠷᠢᠳᠦ ᠰᠣᠭᠤᠯᠤᠭ᠎ᠠ ᠶᠢᠨ ᠪᠡᠯᠡ ᠮᠦᠩᠭᠦᠨ ᠤ ᠪᠤᠳᠠᠳᠠᠢ ᠪᠦᠷᠢᠯᠳᠦᠯ ᠤᠨ ᠬᠠᠷᠢᠴᠠᠯ ᠢ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠶᠢ ᠦᠨᠳᠦᠰᠦᠯᠡᠨ ᠲᠤᠭᠳᠠᠭᠠᠨ᠎ᠠ᠃ | ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠬᠦᠷᠢᠶ᠎ᠡ ᠬᠡᠪᠴᠢᠶᠡᠨ ᠤ ᠦᠷᠭᠡᠳᠬᠦ ᠪᠠ ᠬᠤᠨᠵᠢᠪᠤᠷᠢᠳᠦ ᠰᠤᠭᠤᠯᠤᠭ᠎ᠠ ᠶᠢᠨ ᠲᠦᠷᠦᠯ ᠵᠦᠢᠯ ᠨᠡᠮᠡᠭᠳᠡᠬᠦ ᠶᠢ ᠲᠠᠭᠠᠯᠳᠦᠨ᠂ | ᠬᠤᠨᠵᠢᠪᠤᠷᠢᠳᠦ ᠰᠣᠭᠤᠯᠤᠭ᠎ᠠ ᠶᠢᠨ ᠲᠠᠷᠬᠠᠭᠠᠬᠤ ᠵᠠᠷᠤᠳᠠᠯ ᠤᠨ ᠬᠠᠷᠢᠴᠠᠯ ᠢ ᠪᠠᠭᠤᠷᠠᠭᠤᠯᠵᠦ ᠪᠤᠯᠤᠨ᠎ᠠ᠃ | ᠬᠤᠷᠢ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠦᠷᠢᠮ ᠤᠨ ᠲᠠᠭᠠᠦ ᠬᠤᠨᠵᠢᠪᠤᠷᠢᠳᠤ ᠰᠣᠭᠤᠯᠤᠭ᠎ᠠ ᠶᠢᠨ | ᠪᠡᠯᠡ ᠮᠦᠩᠭᠦᠨ ᠤ ᠲᠠᠩᠰᠠ ᠨᠡᠭᠡᠭᠡᠵᠦ᠂ ᠬᠤᠨᠵᠢᠪᠤᠷᠢᠳᠦ ᠰᠣᠭᠤᠯᠤᠭ᠎ᠠ ᠶᠢᠨ ᠪᠡᠯᠡ ᠮᠦᠩᠭᠦ ᠶᠢ ᠬᠠᠷᠭᠤᠭᠤᠯᠵᠦ ᠪᠤᠳᠤᠬᠤ ᠳᠤ ᠬᠡᠷᠡᠭᠯᠡᠬᠦ ᠬᠡᠷᠡᠭᠳᠡᠢ᠃ | ᠭᠤᠴᠢᠳᠣᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠬᠡᠨ ᠵᠠᠰᠠᠬᠤ ᠤᠷᠤᠨ᠂ | ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠤ ᠰᠣᠭᠤᠯᠤᠭ᠎ᠠ ᠶᠢᠨ | ᠲᠠᠷᠬᠠᠭᠠᠬᠤ᠂ ᠪᠤᠷᠤᠯᠠᠭᠤᠯᠤᠨ ᠬᠤᠳᠠᠯᠳᠣᠬᠤ ᠪᠤᠯᠤᠨ ᠪᠡᠯᠡ ᠮᠦᠩᠭᠦᠨ ᠤ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠦ᠂ ᠬᠤᠨᠵᠢᠪᠤᠷᠢᠳᠤ | ᠰᠣᠭᠤᠯᠤᠭ᠎ᠠ ᠶᠢᠨ ᠪᠤᠷᠤᠯᠠᠭᠤᠯᠤᠨ ᠬᠤᠳᠠᠯᠳᠣᠯᠳᠠ ᠪᠠ ᠪᠡᠯᠡ ᠮᠦᠩᠭᠦᠨ ᠤ ᠡᠷᠭᠢᠯᠳᠡ ᠶᠢ ᠴᠠᠭ ᠲᠤᠬᠠᠢ ᠳᠤᠨᠢ ᠡᠵᠡᠮᠰᠢᠬᠦ ᠭᠡᠷᠡᠭᠳᠡᠢ᠃ | ᠭᠤᠴᠢᠨ ᠨᠢᠭᠡᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠱᠠᠩᠨᠠᠯ ᠤᠨ ᠮᠦᠩᠭᠦ ᠶᠢ ᠬᠤᠨᠵᠢᠪᠤᠷᠢᠳᠤ ᠰᠤᠭᠤᠯᠤᠭ᠎ᠠ ᠳᠤ ᠱᠠᠩᠨᠠᠯ ᠤᠯᠤᠭᠴᠢ ᠳᠤ | ᠠᠰᠢᠭᠯᠠᠨ᠎ᠠ᠃ ᠬᠤᠨᠵᠢᠪᠤᠷᠢᠳᠤ ᠰᠣᠭᠤᠯᠤᠭ᠎ᠠ ᠶᠢᠨ ᠲᠠᠩ ︵单注︶ ᠱᠠᠩᠨᠠᠯ ᠤᠨ ᠮᠦᠩᠭᠦ ᠶᠢᠨ ᠬᠠᠮᠤᠭ ᠤᠨ ᠦᠨᠳᠦᠷ ᠬᠡᠮᠵᠢᠶ᠎ᠡ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠦ ᠰᠣᠭᠤᠯᠤᠭ᠎ᠠ ᠶᠢᠨ ᠵᠠᠬ᠎ᠠ ᠲᠡᠯᠭᠡᠭᠦᠷ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠨ | ᠰᠢᠢᠳᠦᠨ᠎ᠡ᠃ ᠬᠤᠭᠤᠴᠠᠭ᠎ᠠ ᠨᠢ ᠬᠡᠳᠦᠷᠡᠵᠦ ᠲᠣᠰᠣᠭᠰᠠᠨ ᠦᠭᠡᠢ ᠱᠠᠩᠨᠠᠯ ᠤᠨ ᠮᠦᠩᠭᠦ ᠶᠢ ᠬᠤᠨᠵᠢᠪᠤᠷᠢᠳᠦ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ | ᠮᠦᠩᠭᠦᠨ ᠳᠤ ᠤᠷᠤᠭᠤᠯᠤᠨ᠎ᠠ᠃ | ᠭᠤᠴᠢᠨ ᠬᠤᠶᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠵᠠᠷᠤᠳᠠᠯ ᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ | ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠬᠤ ᠵᠠᠷᠤᠯᠭ᠎ᠠ ᠵᠢᠴᠢ ᠬᠤᠨᠵᠢᠪᠤᠷᠢᠳᠦ | ᠰᠤᠭᠤᠯᠤᠭ᠎ᠠ ᠤᠷᠤᠯᠠᠨ ᠬᠤᠳᠠᠯᠳᠤᠭᠴᠢ ᠶᠢᠨ ᠪᠤᠷᠤᠯᠠᠭᠤᠯᠵᠦ ᠬᠤᠳᠠᠯᠳᠤᠬᠤ ᠳᠤ ᠵᠠᠷᠤᠬᠤ ᠵᠠᠷᠤᠯᠭ᠎ᠠ ᠳᠤ ᠲᠤᠰᠬᠠᠶᠢᠯᠠᠨ ᠠᠰᠢᠭᠯᠠᠨ᠎ᠠ᠃ ᠬᠤᠨᠵᠢᠪᠤᠷᠢᠳᠦ ᠰᠤᠭᠤᠯᠤᠭ᠎ᠠ | ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠢ ᠤᠷᠤᠯᠭ᠎ᠠ | ᠵᠠᠷᠤᠯᠭ᠎ᠠ ᠶᠢᠨ ᠬᠤᠶᠠᠷ ᠱᠤᠭᠤᠮ ᠢᠶᠠᠷ ᠬᠠᠮᠢᠶᠠᠷᠴᠦ᠂ ᠲᠡᠭᠦᠨ ᠤ ᠵᠠᠷᠤᠯᠭ᠎ᠠ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮ ᠳᠤ ᠨᠡᠶᠢᠴᠡᠬᠦ ᠭᠡᠷᠡᠭᠳᠡᠢ᠃ | ᠭᠤᠴᠢᠨ ᠭᠤᠷᠪᠠᠳᠤᠭᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠨᠡᠶᠢᠭᠡᠮ ᠤᠨ ᠠᠰᠠᠷᠠᠮᠵᠢ᠂ ᠪᠡᠶ᠎ᠡ ᠶᠢᠨ ᠲᠠᠮᠢᠷ | ᠵᠡᠷᠭᠡ ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠲᠤ ᠲᠤᠰᠬᠠᠶᠢᠯᠠᠨ ᠠᠰᠢᠭᠯᠠᠨ᠎ᠠ᠂ ᠡᠳ᠋ ᠤᠨ ᠵᠠᠰᠠᠭ ᠤᠨ ᠡᠩ ᠤᠨ ᠲᠦᠰᠦᠪ ᠢ ᠲᠡᠩᠴᠡᠭᠦᠰᠢᠷᠡᠭᠦᠯᠬᠦ ᠳᠤ | ᠠᠰᠢᠭᠯᠠᠬᠤ ᠦᠭᠡᠢ᠃ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ | ᠬᠠᠮᠢᠶᠠᠷᠤᠯᠳᠠ ᠶᠢᠨ ᠠᠷᠭ᠎ᠠ ᠶᠢ ᠦᠨᠳᠦᠰᠦᠯᠠᠵᠦ᠂ ᠲᠦᠰᠦᠪ ᠲᠤ ᠤᠷᠤᠭᠤᠯᠤᠨ᠂ ᠤᠷᠤᠯᠭ᠎ᠠ ᠵᠠᠷᠤᠯᠭ᠎ᠠ ᠬᠤᠶᠠᠷ ᠱᠤᠭᠤᠮ ᠤᠨ ᠬᠠᠮᠢᠶᠠᠷᠤᠯᠳᠠ ᠶᠢ ᠬᠡᠷᠡᠭᠵᠢᠭᠦᠯᠦᠨ᠎ᠡ᠃ | | ᠭᠤᠴᠢᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠤᠭᠳᠠᠭᠠᠯ ᠤᠨ ᠲᠠᠭᠠᠦ᠂ ᠬᠤᠨᠵᠢᠪᠤᠷᠢᠳᠤ | ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠪᠠ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠵᠠᠷᠤᠳᠠᠯ ᠤᠨ ᠲᠤᠬᠠᠶᠢᠯᠠᠭᠰᠠᠨ ᠠᠵᠢᠯ ᠤᠨ ᠵᠠᠷᠤᠳᠠᠯ ᠢ | ᠴᠠᠭ ᠲᠤᠬᠠᠢ ᠳᠤᠨᠢ ᠲᠡᠭᠡᠭᠰᠢ ᠲᠤᠰᠢᠶᠠᠵᠦ᠂ ᠲᠤᠮᠳᠠ ᠠᠴᠠ ᠨᠢ ᠦᠯᠡᠳᠡᠭᠡᠬᠦ ᠪᠤᠶᠤ ᠨᠡᠭᠦᠯᠭᠡᠨ ᠬᠡᠷᠡᠭᠯᠡᠵᠦ ᠪᠤᠯᠬᠤ ᠦᠭᠡᠢ᠃ ᠡᠳ᠋ ᠤᠨ ᠵᠠᠰᠠᠭ ᠤᠨ ᠰᠠᠯᠠᠭ᠎ᠠ | ᠮᠦᠴᠢᠷ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ | ᠲᠤᠬᠠᠶᠢᠯᠠᠭᠰᠠᠨ ᠠᠵᠢᠯ ᠤᠨ ᠵᠠᠷᠤᠳᠠᠯ ᠢ ᠴᠠᠭ ᠲᠤᠬᠠᠢ ᠳᠤᠨᠢ ᠬᠠᠷᠭᠤᠭᠤᠯᠵᠦ ᠪᠠᠭᠤᠯᠭᠠᠵᠦ ᠦᠭᠭᠦ ᠭᠡᠷᠡᠭᠳᠡᠢ᠃ | ᠭᠤᠴᠢᠨ ᠲᠠᠪᠤᠳᠤᠭᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠬᠤᠪᠢᠶᠠᠷᠠᠯᠳᠠ ᠶᠢᠨ ᠪᠤᠳᠤᠯᠭ᠎ᠠ ᠶᠢ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠪᠠ | ᠪᠡᠶ᠎ᠡ ᠶᠢᠨ ᠲᠠᠮᠢᠷ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ ᠲᠦᠰᠦᠯ ᠭᠠᠷᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ ᠭᠡᠷᠡᠭᠵᠢᠭᠦᠯᠦᠨ᠎ᠡ᠃ | ᠭᠤᠴᠢᠨ ᠵᠢᠷᠭᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠵᠠᠷᠤᠳᠠᠯ᠂ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ | ᠮᠦᠩᠭᠦ ᠶᠢ ᠬᠠᠮᠢᠶᠠᠷᠬᠤ᠂ ᠬᠡᠷᠡᠭᠯᠡᠬᠦ ᠪᠠᠶᠢᠭᠤᠯᠭ᠎ᠠ ᠨᠢ ᠡᠳ᠋ ᠤᠨ ᠵᠠᠰᠠᠭ ᠤᠨ ᠰᠠᠯᠠᠭ᠎ᠠ ᠮᠦᠴᠢᠷ᠂ ᠬᠢᠨᠠᠨ ᠪᠤᠳᠤᠯᠳᠠ ᠶᠢᠨ ᠪᠠᠶᠢᠭᠤᠯᠭ᠎ᠠ ᠪᠠ ᠨᠡᠶᠢᠭᠡᠮ ᠤᠨ ᠤᠯᠠᠨ | ᠲᠦᠮᠡᠨ ᠤ ᠬᠢᠨᠠᠯᠳᠠ ᠶᠢ ᠬᠠᠦᠯᠢ ᠶᠤᠰᠤᠭᠠᠷ ᠬᠦᠯᠢᠶᠡᠬᠦ ᠬᠡᠷᠡᠭᠳᠡᠢ᠃ ᠬᠤᠨᠵᠢᠪᠤᠷᠢᠳᠦ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠠᠮᠢᠶᠠᠷᠬᠤ᠂ | ᠬᠡᠷᠡᠭᠯᠡᠬᠦ ᠪᠠᠶᠢᠭᠤᠯᠭ᠎ᠠ ᠨᠢ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠬᠡᠷᠡᠭᠯᠡᠭᠰᠡᠨ ᠪᠠᠶᠢᠳᠠᠯ ᠢ ᠵᠢᠯ ᠪᠦᠷᠢ ᠨᠡᠶᠢᠭᠡᠮ ᠳᠤ ᠵᠠᠷᠯᠠᠬᠤ ᠭᠡᠷᠡᠭᠳᠡᠢ᠃ | ᠭᠤᠴᠢᠨ ᠲᠤᠯᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶᠠᠳᠣ ᠬᠤᠳᠠ ᠶᠢᠨ ᠠᠷᠠᠳ ᠤᠨ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠢᠯ ᠪᠦᠷᠢ ᠲᠤᠰ ᠱᠠᠳᠣᠨ ᠤ | ᠠᠷᠠᠳ ᠤᠨ ᠵᠠᠰᠠᠭ ᠤᠨ ᠣᠷᠳᠣᠨ ᠳᠤ ᠨᠢᠳᠤᠨᠤᠨ ᠤ ᠬᠤᠨᠵᠢᠪᠤᠷᠢᠳᠦ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠨᠢᠭᠡᠳᠦᠯᠲᠡᠢ ᠲᠦᠯᠦᠪᠯᠡᠭᠰᠡᠨ᠂ | ᠬᠤᠪᠢᠶᠠᠷᠠᠯᠠᠭᠰᠠᠨ ᠪᠠ ᠬᠡᠷᠡᠭᠯᠡᠭᠰᠡᠨ ᠪᠠᠶᠢᠳᠠᠯ ᠢ ᠮᠡᠳᠡᠭᠦᠯᠦᠯᠳᠡ ᠬᠢᠵᠦ᠂ ᠨᠡᠶᠢᠭᠡᠮ ᠳᠤ ᠵᠠᠷᠯᠠᠬᠤ ᠭᠡᠷᠡᠭᠳᠡᠢ᠃ |