ᠴᠠᠭᠠᠨᠨᠠᠭᠤᠷ ᠪᠠᠯᠭᠠᠰᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/1
      ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠴᠠᠭᠠᠨᠨᠠᠭᠤᠷ ᠪᠠᠯᠭᠠᠰᠤᠨ ᠳᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ  ᠠᠷᠭᠠᠴᠠᠭᠠᠬᠤ ᠰᠣᠷᠢᠯᠲᠠ ᠥᠷᠨᠢᠭᠦᠯᠪᠡ᠃      ᠲᠣᠰ ᠤᠳᠠᠭᠠᠨ ᠤ ᠰᠣᠷᠢᠯᠲᠠ ᠨᠢ ᠭᠠᠯ ᠤᠨ ᠠᠶᠤᠯ ᠭᠠᠷᠬᠤ ᠪᠠᠷ ᠠᠬᠤᠶ ᠪᠠᠶᠢᠳᠠᠯ ᠪᠣᠯᠭᠠᠵᠤ᠂ ᠭᠠᠯ ᠤᠨ ᠪᠠᠶᠢᠳᠠᠯ ᠢ ᠳᠡᠭᠡᠭᠰᠢ ᠮᠡᠳᠡᠭᠦᠯᠬᠦ᠂ ᠪᠡᠯᠡᠳᠬᠡᠯ ᠲᠥᠰᠦᠯ ᠢᠶᠠᠨ ᠡᠬᠢᠯᠡᠭᠦᠯᠬᠦ᠂ ᠡᠩᠨᠡᠭᠡ ᠪᠠᠨ ᠲᠥᠪᠯᠡᠷᠡᠭᠦᠯᠬᠦ᠂ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠬᠤ᠂ ᠠᠮᠤᠷ ᠲᠦᠪᠰᠢᠨ ᠢᠶᠠᠷ ᠵᠠᠶᠢᠯᠠᠬᠤ᠂ ᠦᠯᠡᠳᠡᠭᠰᠡᠨ ᠭᠠᠯ ᠢ ᠴᠡᠪᠡᠷᠯᠡᠬᠦ ᠵᠡᠷᠭᠡ ᠡᠯ᠎ᠡ ᠣᠶ ᠰᠢᠭᠤᠶ ᠶᠢᠨ ᠭᠠᠯ ᠤᠨ ᠠᠶᠤᠯ ᠢ ᠰᠢᠢᠳᠪᠦᠷᠢᠯᠡᠬᠦ ᠶᠠᠪᠤᠴᠠ ᠶᠢᠨ ᠲᠣᠭᠤᠷᠢᠨ ᠳᠤ ᠰᠣᠷᠢᠯᠲᠠ ᠥᠷᠨᠢᠭᠦᠯᠪᠡ᠃ ᠰᠣᠷᠢᠯᠲᠠ ᠶᠢᠨ ᠶᠠᠪᠤᠴᠠ ᠳᠤ᠂ ᠭᠡᠰᠢᠭᠦᠳ ᠦᠳᠲᠡᠷ ᠲᠦᠷᠭᠡᠨ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠠᠷᠭ᠎ᠠ ᠶᠢ ᠰᠤᠷᠴᠤ᠂ ᠪᠣᠯᠪᠠᠰᠤᠷᠠᠵᠤ᠂ ᠤᠷ᠎ᠠ ᠮᠡᠷᠭᠡᠵᠢᠯ ᠢ ᠪᠣᠯᠪᠠᠰᠤᠷᠠᠵᠤ᠂ ᠠᠶᠤᠯ ᠠᠴᠠ   ᠠᠪᠤᠷᠠᠬᠤ ᠭᠠᠯ ᠤᠨᠲᠠᠷᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠤᠶᠢᠰᠢᠳᠠ ᠶᠢᠨ ᠭᠠᠯ ᠰᠡᠷᠭᠡᠶᠢᠯᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠴᠠᠭᠠᠨᠨᠠᠭᠤᠷ ᠪᠠᠯᠭᠠᠰᠤ ᠲᠤᠰ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠪᠠᠴᠢᠮ ᠪᠠᠶᠢᠳᠠᠯ ᠢ  ᠠᠷᠭᠠᠴᠠᠭᠠᠬᠤ ᠲᠥᠰᠦᠯ ᠢ ᠨᠠᠷᠢᠯᠢᠬᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ᠂ ᠡᠳᠦᠷ ᠲᠤᠳᠤᠮ ᠤᠨ ᠲᠣᠭᠤᠷᠢᠨ ᠬᠠᠮᠠᠭᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠡᠷᠡᠮ ᠢ ᠡᠷᠡᠰ ᠪᠠᠲᠤ ᠪᠠᠶᠢᠭᠤᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ