ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠭᠦᠢᠴᠡᠳᠭᠡᠭᠰᠡᠨ ᠢᠶᠠᠷ ᠬᠦᠷᠦᠯᠴᠡᠬᠦ ᠥᠬᠡᠶ᠂ ᠠᠵᠢᠯᠲᠠᠨ ᠤ ᠲᠣᠬᠢᠷᠠᠭᠤᠯᠤᠯᠲᠠ ᠬᠦᠷᠦᠯᠴᠡᠬᠦ ᠥᠬᠡᠶ ᠵᠡᠷᠭᠡ ᠠᠰᠠᠭᠤᠳᠠᠯ ᠢ ᠢᠯᠡᠴᠢᠯᠡᠨ ᠮᠡᠳᠡᠬᠦᠯᠵᠦ ᠴᠡᠭᠴᠡᠯᠡᠨ ᠵᠠᠰᠠᠬᠤ ᠠᠷᠭ᠎ᠠ ᠵᠠᠮ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/4/10
 ᠥᠷᠭᠡᠨ ᠣᠯᠠᠨ ᠥᠮᠴᠢᠲᠡᠨ᠄     ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠡᠳᠦᠭᠡ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠭᠡᠭᠰᠡᠨ ᠢᠶᠠᠷ ᠬᠦᠷᠦᠯᠴᠡᠬᠦ ᠥᠬᠡᠶ᠂ ᠠᠵᠢᠯᠲᠠᠨ ᠤ ᠲᠣᠬᠢᠷᠠᠭᠤᠯᠤᠯᠲᠠ ᠬᠦᠷᠦᠯᠴᠡᠬᠦ ᠥᠬᠡᠶ ᠵᠡᠷᠭᠡ ᠠᠰᠠᠭᠤᠳᠠᠯ ᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠳᠣᠤᠷᠠᠬᠢ ᠮᠡᠲᠦ ᠢᠯᠡ ᠪᠣᠯᠭᠠᠪᠠ᠄     ᠨᠢᠭᠡ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ     1. ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠭᠡᠭᠰᠡᠨ ᠢᠶᠠᠷ ᠬᠦᠷᠦᠯᠴᠡᠬᠦ ᠥᠬᠡᠶ ᠪᠠᠶᠢᠬᠤ ᠠᠰᠠᠭᠤᠳᠠᠯ︔     2. ᠠᠳᠠᠯ ᠠᠬᠤᠶ ᠶᠢᠨ ᠠᠵᠤ ᠠᠬᠤᠶᠢᠯᠠᠯ ᠤᠨ ᠠᠵᠢᠯᠲᠠᠨ ᠤ ᠲᠣᠬᠢᠷᠠᠭᠤᠯᠤᠯᠲᠠ ᠬᠦᠷᠦᠯᠴᠡᠬᠦ ᠥᠬᠡᠶ︔     3. ᠠᠳᠠᠯ ᠠᠬᠤᠢ ᠶᠢᠨ ᠠᠵᠤ ᠠᠬᠤᠢᠢᠯᠠᠯ ᠤᠨ ᠵᠠᠷᠤᠲᠠᠯ ᠢ ᠰᠢᠪᠠᠲᠠᠨ ᠲᠤᠰᠢᠶᠠᠯᠭᠠᠬᠤ ᠨᠢ ᠪᠤᠯᠪᠠᠰᠣᠠ ᠪᠤᠰᠤ ᠠᠰᠠᠭᠤᠲᠠᠯ︔     4.ᠠᠳᠠᠯ ᠠᠬᠤᠢ ᠶᠢᠨ ᠠᠵᠤ ᠠᠬᠤᠢᠢᠯᠠᠯ ᠣᠯᠠᠨ ᠨᠠᠶᠢᠲᠠ ᠶᠢᠨ ᠳᠣᠨᠤᠭ ᠳᠦᠭᠦᠭᠡᠷᠣᠮᠵᠢ ᠶᠢᠨ ᠬᠠᠮᠢᠶᠠᠷᠣᠯᠲᠠ ᠲᠠᠭᠦᠯᠲᠠᠷ ᠪᠤᠰᠤ ᠠᠰᠠᠭᠤᠲᠠᠯ︔     5. ᠪᠤᠰᠤᠳ ᠠᠰᠠᠭᠤᠳᠠᠯ᠃ ᠬᠡᠷᠪᠡ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠬᠤᠬᠢᠷᠠᠭᠤᠯᠬᠤ ᠠᠰᠠᠭᠤᠳᠠᠯ᠂ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢ ᠴᠠᠭ ᠲᠤᠬᠠᠶ ᠳᠤᠨᠢ ᠰᠢᠨᠡᠳᠬᠡᠬᠦ ᠦᠭᠡᠶ ᠪᠠᠶᠢᠬᠤ ᠠᠰᠠᠭᠤᠳᠠᠯ ᠵᠡᠷᠭᠡ᠃     ᠬᠤᠶᠠᠷ᠂ ᠵᠠᠭᠠᠯᠳᠤᠵᠤ ᠢᠯᠡᠴᠢᠯᠡᠨ ᠮᠡᠳᠡᠭᠦᠯᠬᠦ ᠴᠠᠭ ᠤᠨ ᠬᠢᠵᠠᠭᠠᠷ     5 ᠰᠠᠷ᠎ᠠ ᠶᠢᠨ 31᠎ ᠤ ᠡᠳᠦᠷ ᠪᠣᠯᠲᠠᠯ᠎ᠠ     ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠴᠠᠭ     ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 11᠄ 30᠂ ᠦᠳᠡ ᠶᠢᠨ ᠬᠤᠶᠢᠨ᠎ᠠ 14᠄ 30-17᠄ 30᠃     ᠳᠥᠷᠪᠡ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ     ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ᠄ 0476 - 6229006     ᠲᠠᠪᠤ᠂ ᠵᠠᠭᠠᠯᠳᠤᠵᠤ ᠢᠯᠡᠴᠢᠯᠡᠨ ᠮᠡᠳᠡᠭᠦᠯᠬᠦ ᠳᠤ ᠡᠷᠬᠡᠪᠰᠢ ᠮᠡᠳᠡᠬᠦ ᠵᠦᠢᠯ     ᠢᠯᠡᠴᠢᠯᠡᠨ ᠮᠡᠳᠡᠭᠦᠯᠦᠭᠴᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠠᠰᠠᠭᠤᠳᠠᠯ ᠢ ᠲᠤᠰᠬᠠᠬᠤ ᠳᠠᠭᠠᠨ ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠲᠥᠪ ᠭᠤᠣᠯᠴᠢ ᠪᠠᠶᠢᠬᠤ ᠬᠡᠷᠡᠭᠲᠡᠢ᠃                        ᠪᠠᠭᠠᠷᠢᠨ ᠪᠠᠷᠠᠭᠤᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ                                                 2025 ᠣᠨ ᠤ 4 ᠰᠠᠷ᠎ᠠ ᠶᠢᠨ 9᠎ ᠤ ᠡᠳᠦᠷ       
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ