ᠪᠠᠶᠠᠨᠬᠤᠰᠢᠭᠤ ᠪᠠᠯᠭᠠᠰᠤ ︽ᠭᠤᠷᠪᠠᠨ ᠴᠢᠭᠯᠡᠯ ᠢᠶᠠᠷ ᠬᠦᠴᠦᠯᠡᠬᠦ︾ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠦ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠶᠢ ᠲᠤᠰᠬᠠᠢ ᠴᠡᠭᠴᠡᠯᠡᠨ‌ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠪᠠ
ᠨᠡᠶᠢᠲᠡᠯᠡᠭᠰᠡᠨ ᠴᠠᠭ᠄
2025/4/17
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠪᠠᠶᠠᠨᠬᠤᠰᠢᠭᠤ ᠪᠠᠯᠭᠠᠰᠤ ᠤᠬᠠᠭᠤᠯᠬᠤ᠂ ᠪᠠᠶᠢᠷᠢᠯᠠᠭᠤᠯᠬᠤ᠂ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠰᠦᠷ ᠬᠦᠴᠦᠳᠠᠢ ᠪᠠᠶᠢᠳᠠᠯ ᠢᠶᠠᠷ ᠤᠢ ᠰᠢᠭᠤᠢ ᠨᠤᠲᠤᠭ ᠪᠡᠯᠴᠢᠭᠡᠷ ᠢ ᠰᠦᠢᠳᠭᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠪᠠ᠃       ᠤᠬᠠᠭᠤᠯᠭ᠎ᠠ ᠬᠢᠵᠦ ᠬᠥᠲᠥᠯᠦᠨ ᠳᠠᠭᠠᠭᠤᠯᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠠᠮᠢ ᠠᠬᠤᠢ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ︽ᠰᠦᠯᠵᠢᠶᠡᠨ ᠳᠡᠭᠡᠷᠡᠬᠢ ᠡᠭᠦᠯᠡᠨ ᠤᠬᠠᠭᠤᠯᠭ᠎ᠠ + ᠰᠦᠯᠵᠢᠶᠡᠨ ᠭᠠᠳᠠᠨᠠᠬᠢ ᠤᠬᠠᠭᠤᠯᠭ᠎ᠠ ᠵᠢᠯᠣᠭᠤᠳᠣᠯᠭ᠎ᠠ︾᠎ ᠶᠢᠨ ᠵᠠᠭᠪᠤᠷ ᠢ ᠬᠦᠢᠴᠡᠳ ᠠᠰᠢᠭᠯᠠᠨ᠂ ᠰᠦᠯᠵᠢᠶᠡᠨ ᠭᠠᠳᠠᠨᠠᠬᠢ ︽ᠨᠡᠭᠦᠳᠡᠯ ᠤᠬᠠᠭᠤᠯᠭ᠎ᠠ ᠶᠢᠨ ᠠᠩᠭᠢ+ ᠲᠣᠰᠬᠤᠨ ᠪᠣᠯᠭᠠᠨ ᠳᠤ ᠷᠠᠳᠢᠣ᠋ ᠨᠡᠪᠲᠡᠷᠡᠭᠦᠯᠭᠡ ᠲᠠᠭᠤᠷᠢᠰᠬᠤ+ ᠲᠣᠭᠲᠠᠮᠠᠯ ᠤᠬᠠᠭᠤᠯᠭ᠎ᠠ ᠶᠢᠨ ᠪᠤᠯᠤᠩ︾ ᠭᠤᠷᠪᠠ ᠶᠢ ᠨᠢᠭᠡ ᠴᠤᠭᠴᠠᠵᠢᠭᠤᠯᠤᠭᠰᠠᠨ ᠤᠬᠠᠭᠤᠯᠭ᠎ᠠ ᠶᠢᠨ ᠲᠤᠤᠷᠵᠢᠯ ᠢ ᠪᠠᠶᠢᠭᠤᠯᠵᠤ᠂ ︽ᠪᠠᠯᠭᠠᠰᠤ ᠲᠣᠰᠬᠤᠨ ᠤ ᠺᠠᠳ᠋ᠷ + ᠲᠤᠤᠷᠵᠢᠯ ᠤᠨ ᠠᠵᠢᠯᠲᠠᠨ+ ᠣᠶ ᠰᠢᠭᠤᠶ ᠬᠠᠮᠠᠭᠠᠯᠠᠭᠴᠢ︾᠎ ᠶᠢᠨ ᠤᠬᠠᠭᠤᠯᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ︽ᠡᠭᠦᠳᠡ ᠲᠣᠭᠰᠢᠵᠤ ᠡᠷᠦᠬᠡ ᠳᠤ ᠣᠷᠣᠬᠤ︾ ᠠᠵᠢᠯᠯᠠᠭ᠎ᠠ ᠶᠢ ᠥᠷᠨᠢᠭᠦᠯᠵᠦ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠨᠡᠶᠢᠲᠡ 1200 ᠭᠠᠷᠤᠶ ᠡᠷᠦᠬᠡ ᠤᠳᠠᠭ᠎ᠠ ᠤᠬᠠᠭᠤᠯᠤᠨ ᠲᠠᠶᠢᠯᠪᠤᠷᠢᠯᠠᠵᠤ᠂ 60 ᠵᠤᠷᠪᠤᠰ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠳᠡᠪᠲᠡᠷ 3000 ᠬᠤᠪᠢ ᠲᠠᠷᠬᠠᠭᠠᠪᠠ︔ ᠰᠦᠯᠵᠢᠶᠡᠨ ᠳᠡᠭᠡᠷ᠎ᠡ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠳᠤ ᠲᠦᠰᠢᠭᠯᠡᠨ᠂ ᠨᠡᠶᠢᠲᠡᠯᠢᠭ ᠬᠡᠷᠡᠭ ᠤᠨ ᠵᠢᠱᠢᠶ᠎ᠡ᠂ ᠣᠬᠤᠷ ᠸᠢᠳᠢᠣ᠋ ᠪᠠᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠰᠠᠨᠠᠭᠠᠴᠢᠯᠠᠭ᠎ᠠ ᠥᠬᠡᠶ ᠪᠠᠷ ᠭᠥᠯᠢᠶᠡᠨ ᠠᠪᠬᠤ︾᠎ ᠠᠴᠠ ︽ᠰᠠᠨᠠᠭᠠᠴᠢᠯᠠᠭ᠎ᠠ ᠠᠴᠠ ᠪᠠᠨ ᠣᠷᠣᠯᠴᠠᠬᠤ︾ ᠲᠡᠶᠢᠰᠢ ᠰᠢᠯᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃       ᠥᠨᠳᠥᠷ ᠪᠠᠶᠢᠷᠢ ᠳᠤ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮ ᠲᠠᠢ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠤᠰᠬᠠᠶ ᠴᠡᠭᠴᠡᠯᠡᠨ ᠵᠠᠰᠠᠯᠲᠠ ᠶᠢ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠭᠤᠤᠯ ᠡᠭᠦᠷᠭᠡ ᠪᠣᠯᠭᠠᠵᠤ᠂ ᠨᠠᠷᠢᠨ ᠨᠢᠮᠪᠠᠶ ᠪᠥᠭᠡᠳ ᠬᠡᠷᠡᠭᠵᠢᠭᠦᠯᠵᠦ ᠪᠣᠯᠬᠤᠶᠢᠴᠠ ᠠᠵᠢᠯ ᠤᠨ ᠲᠥᠰᠦᠯ ᠢ ᠲᠣᠭᠲᠠᠭᠠᠨ᠂ ᠪᠠᠯᠭᠠᠰᠤ᠂ ᠲᠣᠰᠬᠤᠨ᠂ ᠳᠤᠭᠤᠶᠢᠯᠠᠩ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ︾ ︽ᠨᠢᠭᠡ ᠬᠥᠯᠭᠡ ᠰᠢᠲᠠᠷ᠎ᠠ︾᠎ ᠶᠢᠨ ᠴᠡᠭᠴᠡᠯᠡᠨ ᠵᠠᠰᠠᠬᠤ ᠪᠠᠶᠢᠷᠢᠰᠢᠯ ᠢ ᠪᠣᠶ ᠪᠣᠯᠭᠠᠵᠤ᠂ ︽ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ—ᠲᠥᠪᠯᠡᠷᠡᠭᠦᠯᠦᠨ ᠴᠡᠭᠴᠡᠯᠡᠨ ᠵᠠᠰᠠᠬᠤ—ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ︾ ᠭᠤᠷᠪᠠᠨ ᠱᠠᠲᠤ ᠦᠶ᠎ᠡ ᠶᠢ ᠲᠣᠳᠣᠷᠬᠠᠶᠢᠯᠠᠨ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ ᠣᠷᠣᠨ ᠢ ᠵᠠᠭᠠᠭᠯᠠᠨ ᠲᠣᠭᠲᠠᠭᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠷᠠᠭᠤᠯᠤᠨ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠴᠡᠭᠴᠡᠯᠡᠨ ᠵᠠᠰᠠᠬᠤ ᠠᠵᠢᠯ ᠤᠨ ᠬᠦᠴᠦᠲᠡᠶ᠂ ᠡᠮᠬᠢ ᠵᠢᠷᠤᠮ ᠲᠠᠢ᠂ ᠪᠦᠲᠦᠮᠵᠢᠲᠡᠶ ᠥᠷᠨᠢᠬᠦ ᠶᠢ ᠦᠨᠡᠨᠬᠦ ᠪᠠᠳᠤᠯᠠᠨ᠎ᠠ᠃       ᠦᠳᠲᠡᠷ ᠲᠦᠷᠭᠡᠨ ᠬᠥᠳᠡᠯᠦᠯᠴᠡᠵᠦ᠂ ᠡᠮᠦᠨ᠎ᠡ ᠹᠷᠣᠨᠲ ᠤᠨ ᠪᠣᠭᠤᠮᠲᠠ ᠰᠢᠪᠲᠤᠯᠬᠤ ᠠᠵᠢᠯ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠲᠤᠯᠠᠪᠠ᠃ ︽ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠤᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ︾᠎ ᠶᠢ ᠪᠠᠷᠢᠮᠲᠠᠯᠠᠵᠤ᠂ ᠲᠤᠰᠬᠠᠶ ᠲᠣᠭᠤᠷᠢᠨ ᠪᠠᠶᠢᠴᠠᠭᠠᠬᠤ ᠠᠩᠭᠢ ᠶᠢ ᠵᠣᠬᠢᠶᠠᠨ ᠪᠠᠶᠢᠭᠤᠯᠵᠤ᠂ ︽ᠲᠤᠬᠠᠶ ᠶᠢᠨ ᠭᠠᠵᠠᠷ ᠲᠤᠨᠢ ᠪᠠᠶᠢᠴᠠᠭᠠᠬᠤ + ᠣᠯᠠᠨ ᠲᠦᠮᠡᠨ ᠤ ᠢᠯᠡᠴᠢᠯᠡᠨ ᠮᠡᠳᠡᠭᠦᠯᠬᠦ︾᠎ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠣᠷᠣᠨ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠲᠣᠭᠤᠷᠢᠨ ᠪᠠᠶᠢᠴᠠᠭᠠᠬᠤ ᠠᠩᠭᠢ ᠠᠭᠤᠯᠠ ᠰᠢᠭᠤᠶ ᠨᠤᠲᠤᠭ ᠪᠡᠯᠴᠢᠭᠡᠷ᠂ ᠲᠠᠷᠢᠶᠠᠨ ᠭᠠᠵᠠᠷ ᠲᠤ ᠭᠦᠨᠵᠡᠭᠡᠶᠢᠷᠡᠨ᠂ ᠭᠠᠵᠠᠷ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠠᠰᠠᠭᠤᠳᠠᠯ ᠳᠠᠷᠠᠭᠠᠯᠠᠨ ᠰᠤᠳᠤᠯᠤᠨ ᠮᠠᠭᠠᠳᠯᠠᠵᠤ᠂ ︽ᠨᠢᠭᠡ ᠭᠠᠵᠠᠷ ᠨᠢᠭᠡ ᠲᠥᠷᠥ ᠶᠢᠨ ᠪᠣᠳᠣᠯᠭ᠎ᠠ᠂ ᠨᠢᠭᠡ ᠲᠣᠯᠪᠤ ᠳᠤ ᠨᠢᠭᠡ ᠬᠠᠷᠢᠭᠤᠴᠠᠯᠭ᠎ᠠ ᠡᠭᠦᠷᠭᠡᠯᠡᠬᠦ︾᠎ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠠᠭᠤᠯᠠ ᠶᠢ ᠬᠠᠮᠢᠶᠠᠷᠬᠤ ᠬᠥᠮᠦᠨ ᠲᠠᠢ᠂ ᠣᠶ ᠰᠢᠭᠤᠶ ᠶᠢ ᠬᠠᠮᠠᠭᠠᠯᠠᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ︾ ᠪᠠᠶᠢᠬᠤ ᠶᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃      ᠲᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠦᠴᠦᠲᠡᠶ ᠴᠣᠬᠢᠯᠲᠠ ᠥᠭᠴᠦ᠂ ︽ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠪᠡᠯ᠂ ᠨᠢᠭᠡ ᠬᠡᠰᠡᠭ ᠢ ᠰᠡᠷᠡᠮᠵᠢᠯᠡᠭᠦᠯᠵᠦ᠂ ᠨᠢᠭᠡ ᠭᠠᠵᠠᠷ ᠣᠷᠣᠨ ᠢ ᠵᠠᠰᠠᠬᠤ︾ ᠠᠮᠢ ᠠᠬᠤᠶ ᠶᠢᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ