| | | | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠠᠩ ᠣᠯᠠᠨ ᠬᠥᠮᠦᠰ ᠲᠤ ᠪᠣᠳᠠᠰ ᠤᠨ ᠪᠤᠰᠤ ᠰᠣᠶᠣᠯ ᠤᠨ ᠥᠪ ᠤᠨ | ᠬᠠᠶᠢᠴᠢᠯᠠᠮᠠᠯ ᠤᠨ ᠤᠷᠠᠯᠢᠭ ᠤᠨ ᠷᠢᠳᠢ ᠰᠢᠳᠢ ᠶᠢ ᠣᠶᠢᠯᠠᠭᠠᠭᠤᠯᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠬᠤᠰᠢᠭᠤᠨ ᠤ ᠭᠡᠰᠡᠷ ᠰᠣᠶᠣᠯ ᠤᠨ ᠠᠮᠢ | ᠠᠬᠤᠶ ᠶᠢ ᠬᠠᠮᠠᠭᠠᠯᠠᠵᠤ ᠬᠥᠭᠵᠢᠭᠦᠯᠬᠦ ᠲᠥᠪ᠂ ᠰᠠᠶᠢᠬᠠᠨ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠠᠮᠤᠷ ᠨᠡᠶᠢᠭᠡᠮ | ᠲᠣᠭᠤᠷᠢᠭ ᠠᠴᠠ ᠳᠠᠭᠠᠭᠠᠨ ᠡᠷᠭᠢᠯᠡᠭᠰᠡᠨ ︽ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠵᠤ ᠴᠠᠭ ᠦᠶ᠎ᠡ ᠶᠢᠨ ᠴᠤᠭ | ᠵᠢᠪᠬᠤᠭ᠎ᠠ ᠶᠢ ᠬᠠᠷᠠᠭᠤᠯᠤᠨ᠎ᠠ︾ ᠪᠣᠳᠠᠰ ᠤᠨ ᠪᠤᠰᠤ ᠰᠣᠶᠣᠯ ᠤᠨ ᠥᠪ ᠤᠨ ᠬᠠᠶᠢᠴᠢᠯᠠᠮᠠᠯ ᠤᠨ ᠰᠣᠶᠣᠯ ᠤᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠷᠠᠳ ᠤᠨ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠤᠷᠠᠯᠢᠭᠴᠢᠨ ᠵᠣᠣ ᠯᠦ ᠱᠧᠩ ᠪᠠᠭᠰᠢ ᠰᠠᠭᠤᠭᠠᠯᠢ | ᠠᠷᠠᠳ ᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠲᠡᠦᠬᠡᠨ ᠡᠬᠢ ᠰᠤᠷᠪᠤᠯᠵᠢ᠂ ᠣᠷᠣᠨ ᠨᠤᠲᠤᠭ ᠤᠨ ᠣᠨᠴᠠᠯᠢᠭ ᠵᠢᠴᠢ ᠰᠣᠶᠣᠯ ᠤᠨ ᠠᠭᠤᠯᠤᠭᠳᠠᠬᠤᠨ ᠢ | ᠨᠠᠷᠢᠨ ᠲᠠᠶᠢᠯᠪᠤᠷᠢᠯᠠᠵᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠ ᠠᠮᠢᠳᠤᠯᠢᠭ ᠵᠢᠱᠢᠶ᠎ᠡ ᠪᠠᠷ ᠣᠯᠠᠨ ᠢ ᠳᠠᠭᠠᠭᠤᠯᠤᠨ ᠴᠠᠭᠠᠰᠤᠨ ᠬᠠᠶᠢᠴᠢᠯᠠᠮᠠᠯ ᠬᠢᠪᠡ᠃ | ᠦᠢᠯᠡᠳᠦᠯᠭᠡ ᠶᠢᠨ ᠶᠠᠪᠤᠴᠠ ᠳᠤ᠂ ᠰᠠᠭᠤᠭᠠᠯᠢ ᠠᠷᠠᠳ ᠭᠠᠷ ᠲᠠᠭᠠᠨ ᠬᠠᠶᠢᠴᠢ ᠪᠣᠯᠤᠨ ᠤᠯᠠᠭᠠᠨ ᠴᠠᠭᠠᠰᠤ ᠪᠠᠷᠢᠵᠤ᠂ ᠪᠠᠭᠰᠢ ᠶᠢᠨ ᠢᠶᠠᠨ ᠵᠢᠯᠤᠭᠤᠳᠤᠯᠭ᠎ᠠ ᠳᠣᠣᠷ᠎ᠠ | ᠨᠠᠷᠢᠯᠢᠭ ᠰᠠᠶᠢᠬᠠᠨ ᠴᠠᠭᠠᠰᠤᠨ ᠬᠠᠶᠢᠴᠢᠯᠠᠮᠠᠯ ᠢ ᠵᠣᠬᠢᠶᠠᠨ ᠪᠦᠲᠦᠭᠡᠪᠡ᠃ | ᠲᠣᠰ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮ ᠲᠣᠭᠤᠷᠢᠭ ᠲᠤ︾ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ | ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠡᠰᠡᠷ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠬᠥᠭᠵᠢᠯᠲᠡ ᠶᠢᠨ ᠲᠥᠪ ᠨᠢ ︽ᠪᠣᠳᠠᠰ ᠤᠨ | ᠪᠤᠰᠤ ᠰᠣᠶᠣᠯ ᠤᠨ ᠥᠪ ᠢ ᠨᠡᠶᠢᠭᠡᠮ ᠲᠣᠭᠤᠷᠢᠭ ᠲᠤ︾ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠰᠠᠭᠤᠭᠠᠯᠢ ᠠᠷᠠᠳ ᠲᠤ ᠤᠯᠠᠮᠵᠢᠯᠠᠯᠲᠤ ᠰᠣᠶᠣᠯ ᠤᠨ ᠷᠢᠳᠢ | ᠰᠢᠳᠢ ᠶᠢ ᠣᠶᠢᠯᠠᠭᠠᠭᠤᠯᠵᠤ᠂ ᠨᠡᠩ ᠤᠯᠠᠨ ᠬᠥᠮᠦᠰ ᠲᠤ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠳᠤ ᠣᠷᠣᠯᠴᠠᠭᠤᠯᠬᠤ ᠪᠣᠯᠤᠨ᠎ᠠ᠃ |