| | | ᠮᠠᠯᠴᠢᠨ ᠲᠠᠷᠢᠶᠠᠴᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠰᠢᠨ ᠠᠮᠢᠳᠤᠷᠠᠬᠤ | ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠳᠤ᠂ ᠴᠠᠭᠠᠨᠮᠥ᠋ᠷᠡᠨ ᠰᠤᠮᠤ ᠡᠯ᠎ᠡ ᠭᠠᠴᠠᠭ᠎ᠠ ᠲᠣᠰᠬᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠵᠣᠬᠢᠶᠠᠨ ᠪᠠᠶᠢᠭᠤᠯᠵᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠰᠠᠶᠢᠨ ᠳᠤᠷᠠᠴᠤᠳ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ | ᠣᠷᠣᠯᠴᠠᠵᠤ᠂ ᠱᠦᠭᠦᠷ᠂ ᠲᠡᠮᠦᠷ ᠬᠦᠷᠵᠡ᠂ ᠬᠤᠭ ᠨᠣᠪᠰᠢ ᠶᠢᠨ ᠤᠭᠤᠲᠠ ᠵᠡᠷᠭᠡ ᠠᠷᠢᠭᠤᠨ ᠴᠡᠪᠡᠷ ᠤᠨ ᠪᠠᠭᠠᠵᠢ ᠶᠢ ᠠᠳᠬᠤᠵᠤ᠂ ᠬᠠᠷᠢᠶ᠎ᠠ ᠣᠷᠣᠨ ᠤ ᠵᠠᠮ | ᠳᠠᠭᠠᠤ᠂ ᠭᠤᠤᠯ ᠵᠠᠮ ᠳᠠᠭᠠᠤ᠂ ᠭᠤᠤᠯ ᠮᠥᠷᠡᠨ ᠭᠤᠤ ᠰᠤᠪᠠᠭ᠂ ᠬᠠᠳᠠᠭᠰᠠᠨ ᠮᠣᠳᠣ ᠪᠤᠵᠠᠷ ᠡᠪᠡᠰᠦ ᠵᠡᠷᠭᠡ ᠶᠢ ᠪᠥᠬᠦ ᠲᠠᠯ᠎ᠠ ᠪᠠᠷ᠂ ᠥᠨᠴᠥᠭ ᠪᠤᠯᠤᠩ ᠦᠯᠡᠳᠡᠭᠡᠯ | ᠥᠬᠡᠶ ᠴᠡᠪᠡᠷᠯᠡᠨ ᠠᠷᠢᠯᠭᠠᠵᠤ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦᠨ ᠳᠤ ᠪᠦᠷᠬᠦᠭᠦᠯᠬᠦ ᠶᠢ ᠦᠨᠡᠨ ᠬᠦ ᠪᠠᠲᠤᠯᠠᠪᠠ᠃ | ᠡᠭᠦᠨ ᠤ ᠬᠠᠮᠲᠤ᠂ ᠰᠠᠶᠢᠨ ᠳᠤᠷᠠᠴᠤᠳ ᠣᠯᠠᠨ ᠲᠦᠮᠡᠨ ᠳᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ | ᠴᠢᠬᠤᠯᠠ ᠠᠴᠢ ᠬᠤᠯᠪᠣᠭᠳᠠᠯ ᠢ ᠢᠳᠡᠪᠬᠢᠲᠡᠶ ᠤᠬᠠᠭᠤᠯᠵᠤ᠂ ᠥᠷᠭᠡᠨ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯᠯᠠᠭ᠎ᠠ ᠳᠤ ᠣᠷᠣᠯᠴᠠᠬᠤ ︽ᠡᠵᠡᠨ ᠬᠥᠮᠦᠨ︾ ᠤ ᠤᠬᠠᠮᠰᠠᠷ ᠢ ᠴᠢᠩᠭᠠᠳᠬᠠᠵᠤ᠂ ᠪᠣᠯᠪᠠᠰᠤᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ | ᠬᠠᠳᠠᠩᠰᠢᠭᠤᠯᠵᠤ᠂ ︽ᠦᠷ᠎ᠡ ᠪᠦᠲᠦᠭᠡᠯ ᠢ ᠬᠥᠮᠦᠨ ᠪᠦᠬᠦᠨ ᠬᠠᠮᠲᠤ ᠪᠠᠷ ᠡᠳ᠋ᠯᠡᠬᠦ᠂ ᠴᠡᠭᠴᠡᠯᠡᠨ ᠵᠠᠰᠠᠬᠤ ᠳᠤ ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠠᠯᠬᠤᠮ ᠠᠯᠬᠤᠮ ᠢᠶᠠᠷ ᠪᠠᠶᠢᠭᠤᠯᠵᠤ᠂ ᠠᠷᠢᠭᠤᠨ ᠴᠡᠪᠡᠷ᠂ ᠳᠡᠷᠢ ᠲᠡᠭᠰᠢ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃ | ᠲᠠᠷᠠᠭᠠᠴᠢ ᠶᠢᠨ ᠠᠯᠬᠤᠮ ᠳᠤ᠂ ᠴᠠᠭᠠᠨᠮᠥ᠋ᠷᠡᠨ ᠰᠤᠮᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠᠷ ᠲᠦᠰᠢᠭ ᠪᠣᠯᠭᠠᠵᠤ᠂ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠭᠤᠯᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠢᠨ᠎ᠡ ᠵᠢᠷᠤᠭ ᠲᠥᠰᠦᠪ ᠢ ᠵᠢᠷᠤᠭᠯᠠᠬᠤ ᠪᠠ ᠦᠵᠡᠰᠬᠦᠯᠡᠩᠲᠦ ᠰᠠᠶᠢᠬᠠᠨ | ᠪᠣᠯᠭᠠᠬᠤ ᠳᠤ ᠭᠤᠶᠤ ᠰᠠᠶᠢᠬᠠᠨ ᠳᠡᠪᠢᠰᠬᠡᠷ ᠥᠩᠭᠡ ᠨᠡᠮᠡᠷᠢᠯᠡᠨ᠎ᠡ᠃ |