ᠳᠠᠷᠬᠠᠨ ᠵᠡᠭᠡᠯᠢ ᠭᠤᠳᠤᠮᠵᠢ ᠨᠠᠮ ᠤᠨ ᠪᠠᠶᠢᠭᠤᠯᠤᠯᠲᠠ ᠪᠠᠷ ᠪᠣᠳᠠᠰ ᠤᠨ ᠪᠤᠰᠤ ᠰᠣᠶᠣᠯ ᠤᠨ ᠥᠪ ᠤᠨ ᠠᠵᠤ ᠠᠬᠤᠶ ᠶᠢ ᠬᠥᠲᠥᠯᠥᠨ ᠳᠠᠭᠠᠭᠤᠯᠵᠤ ᠤᠷᠠᠨ ᠬᠠᠳᠬᠤᠮᠠᠯ ᠢᠶᠠᠷ ᠪᠠᠶᠠᠵᠢᠯ ᠤᠨ ᠵᠠᠮ ᠢ ᠨᠡᠭᠡᠭᠡᠨ᠎ᠠ
ᠨᠡᠶᠢᠲᠡᠯᠡᠭᠰᠡᠨ ᠴᠠᠭ᠄
2025/4/23
        ᠳᠠᠷᠬᠠᠨ ᠵᠡᠭᠡᠯᠢ ᠭᠤᠳᠤᠮᠵᠢ ᠶᠢᠨ ᠬᠢᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠡᠮᠡᠭᠲᠡᠶᠢᠴᠦᠳ ᠤᠨ ᠠᠵᠢᠯ ᠣᠯᠭᠤᠯᠲᠠ᠂ ᠨᠡᠶᠢᠭᠡᠮ ᠲᠣᠭᠤᠷᠢᠭ ᠤᠨ ᠵᠠᠰᠠᠯᠲᠠ᠂ ᠠᠵᠤ ᠦᠢᠯᠡᠰ ᠤᠨ ᠬᠥᠭᠵᠢᠯᠲᠡ ᠯᠦᠭᠡ ᠭᠦᠨᠵᠡᠭᠡᠶ ᠠᠭᠤᠰᠤᠯᠴᠠᠭᠤᠯᠵᠤ᠂ ︽ᠨᠠᠮ ᠤᠨ ᠪᠠᠶᠢᠭᠤᠯᠤᠯᠲᠠ + ᠪᠣᠳᠠᠰ ᠤᠨ ᠪᠤᠰᠤ ᠰᠣᠶᠣᠯ ᠤᠨ ᠥᠪ + ᠠᠵᠤ ᠠᠬᠤᠶ︾᠎ ᠶᠢᠨ ᠣᠨᠴᠠᠯᠢᠭ ᠲᠠᠢ ᠬᠥᠭᠵᠢᠯᠲᠡ ᠶᠢᠨ ᠠᠷᠭ᠎ᠠ ᠵᠠᠮ ᠳᠤ ᠲᠦᠰᠢᠭᠯᠡᠨ᠂ ᠤᠯᠠᠮᠵᠢᠯᠠᠯᠲᠤ ᠤᠷ᠎ᠠ ᠮᠡᠷᠭᠡᠰᠢᠯ ᠤᠨ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠵᠤ᠂ ︽ᠬᠤᠷᠤᠭᠤᠨ ᠦᠵᠦᠭᠦᠷ ᠮᠡᠷᠭᠡᠵᠢᠯ︾᠎ ᠢ ︽ᠪᠣᠳᠠᠰ ᠤᠨ ᠪᠤᠰᠤ ᠰᠣᠶᠣᠯ ᠤᠨ ᠥᠪ ᠤᠨ ᠠᠵᠤ ᠠᠬᠤᠶ︾᠎ ᠶᠢᠨ ᠬᠠᠮᠲᠤ ᠪᠠᠷ ᠠᠰᠢᠭ ᠭᠥᠷᠳᠡᠬᠦ ᠪᠠᠶᠢᠳᠠᠯ ᠪᠣᠯᠭᠠᠨ ᠬᠤᠪᠢᠷᠠᠭᠤᠯᠪᠠ᠃       ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ ᠨᠡᠶᠢᠳᠬᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ +︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ︽ᠳᠥᠷᠪᠡ ᠶᠢ ᠨᠢᠭᠡ  ᠴᠤᠭᠴᠠᠵᠢᠭᠤᠯᠬᠤ︾ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ ᠪᠠᠶᠢᠭᠤᠯᠵᠤ᠂ ᠲᠡᠷᠡᠰᠦᠳᠦ ᠪᠤᠯᠤᠩ ᠭᠠᠴᠠᠭᠠᠨ ᠤ ᠦᠨᠳᠦᠰᠦᠲᠡᠨ ᠤ ᠬᠤᠪᠴᠠᠰᠤ ᠵᠠᠰᠠᠯ ᠦᠢᠯᠡᠳᠬᠦ ᠰᠠᠭᠤᠷᠢᠨ ᠭᠠᠵᠠᠷ ᠪᠠ ᠬᠤᠢ ᠹᠦ᠋ ᠨᠡᠶᠢᠭᠡᠮ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ︽ᠴᠤᠭᠯᠠᠷᠠᠯ︾ ᠬᠢᠴᠢᠶᠡᠯ ᠤᠨ ᠲᠠᠩᠬᠢᠮ ᠢᠶᠠᠷ ᠬᠤᠣᠰ ᠴᠥᠮ᠎ᠡ ᠶᠢᠨ ᠠᠴᠢᠶᠠᠯᠠᠪᠤᠷᠢ ᠪᠣᠯᠭᠠᠵᠤ᠂ ︽ᠨᠠᠮ ᠤᠨ ᠵᠣᠬᠢᠶᠠᠨ ᠪᠠᠶᠢᠭᠤᠯᠤᠯᠲᠠ + ᠤᠯᠠᠮᠵᠢᠯᠠᠨ ᠵᠠᠯᠭᠠᠮᠵᠢᠯᠠᠭᠴᠢ + ᠰᠠᠭᠤᠷᠢᠨ ᠭᠠᠵᠠᠷ + ᠤᠷ᠎ᠠ ᠮᠡᠷᠭᠡᠰᠢᠯ ᠤᠨ ᠴᠢᠳᠠᠪᠤᠷᠢᠲᠠᠨ︾᠎ ᠤ ᠬᠠᠮᠵᠢᠯᠴᠠᠨ ᠬᠥᠭᠵᠢᠬᠦ ᠵᠠᠭᠪᠤᠷ ᠲᠤ ᠰᠢᠨ᠎ᠡ ᠶᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠰᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠨᠠᠮ ᠤᠨ ᠪᠠᠶᠢᠭᠤᠯᠤᠯᠲᠠ ᠶᠢᠨ ᠬᠡᠯᠬᠢᠶ᠎ᠡ ᠪᠠᠷ ᠴᠢᠳᠠᠪᠤᠷᠢᠲᠠᠨ ᠤ ᠬᠡᠯᠬᠢᠶ᠎ᠡ ᠶᠢ ᠬᠤᠯᠪᠣᠵᠤ᠂ ᠠᠵᠤ ᠦᠢᠯᠡᠰ ᠤᠨ ᠬᠡᠯᠬᠢᠶ᠎ᠡ ᠳᠤ ᠬᠦᠴᠦᠨ ᠴᠢᠳᠠᠯ ᠣᠯᠭᠤᠬᠤ ᠰᠠᠶᠢᠨ ᠰᠠᠶᠢᠬᠠᠨ ᠲᠣᠭᠲᠠᠴᠠ ᠶᠢ ᠪᠦᠷᠢᠯᠳᠦᠭᠦᠯᠵᠦ᠂ ᠦᠨᠳᠦᠰᠦᠨ ᠱᠠᠲᠤᠨ ᠤ ᠵᠠᠰᠠᠯᠲᠠ ᠳᠤ ᠰᠢᠨ᠎ᠡ ᠶᠢ ᠡᠭᠦᠳᠬᠦ ᠬᠥᠳᠡᠯᠭᠡᠬᠦ ᠡᠨᠧᠷᠭᠢ ᠨᠡᠮᠡᠷᠢᠯᠡᠪᠡ᠃       ᠡᠮᠡᠭᠲᠡᠶᠢᠴᠦᠳ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠯᠠᠮᠵᠢᠯᠠᠨ ᠰᠤᠷᠬᠤ—ᠳᠠᠳᠤᠯᠭ᠎ᠠ ᠪᠣᠯᠪᠠᠰᠤᠷᠠᠯ—ᠠᠳᠠᠯ ᠦᠢᠯᠡᠰ ᠴᠣᠭᠴᠠᠯᠠᠬᠤ︾ ᠪᠥᠬᠦ ᠬᠡᠯᠬᠢᠶ᠎ᠡ ᠶᠢ ᠪᠤᠶᠢᠵᠢᠭᠤᠯᠬᠤ ᠰᠢᠰᠲ᠋ᠧᠮ ᠢ ᠪᠠᠶᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ︾᠎ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠵᠢᠴᠢ ᠠᠷᠠᠳ ᠤᠨ ᠭᠠᠷ ᠤᠷᠠᠯᠢᠭᠴᠢᠨ ᠢ ᠤᠷᠢᠵᠤ ᠮᠣᠩᠭᠤᠯ ᠬᠠᠳᠬᠤᠮᠠᠯ᠂ ᠦᠨᠳᠦᠰᠦᠲᠡᠨ ᠤ ᠬᠤᠪᠴᠠᠰᠤ ᠵᠠᠰᠠᠯ ᠡᠰᠬᠡᠬᠦ ᠵᠡᠷᠭᠡ ᠲᠤᠰᠬᠠᠶ ᠪᠣᠯᠪᠠᠰᠤᠷᠠᠭᠤᠯᠤᠯ ᠥᠷᠨᠢᠭᠦᠯᠵᠦ ᠂ ︽ᠲᠥᠪᠯᠡᠷᠡᠭᠦᠯᠦᠨ ᠬᠢᠴᠢᠶᠡᠯ ᠣᠷᠣᠬᠤ + ᠬᠡᠷ ᠲᠡᠭᠡᠨ ᠰᠠᠭᠤᠵᠤ ᠳᠠᠳᠤᠯᠭ᠎ᠠ ᠪᠣᠯᠪᠠᠰᠤᠷᠠᠯ ᠬᠢᠬᠦ︾ ᠠᠮᠢᠳᠤᠯᠢᠭ ᠵᠠᠭᠪᠤᠷ ᠢ ᠬᠡᠷᠡᠭᠯᠡᠨ᠂ ᠨᠡᠶᠢᠲᠡ ᠵᠠᠭᠤ ᠭᠠᠷᠤᠶ ᠬᠥᠮᠦᠨ ᠤᠳᠠᠭ᠎ᠠ ᠳᠤ ᠪᠣᠯᠪᠠᠰᠤᠷᠠᠯ ᠬᠦᠷᠲᠡᠭᠡᠵᠦ᠂ 50 ᠭᠠᠷᠤᠶ ᠡᠮᠡᠭᠲᠡᠶᠢᠴᠦᠳ ᠢ ᠳᠠᠶᠢᠴᠢᠯᠠᠨ ᠬᠡᠷ ᠲᠡᠭᠡᠨ ᠠᠳᠠᠯ ᠦᠢᠯᠡᠰ ᠴᠣᠭᠴᠠᠯᠠᠬᠤ᠂ ᠬᠥᠮᠦᠨ ᠳᠤᠮᠳᠠᠴᠢ ᠶᠢᠨ ᠰᠠᠷ᠎ᠠ ᠶᠢᠨ ᠣᠷᠣᠯᠭ᠎ᠠ ᠶᠢᠨ ᠨᠡᠮᠡᠭᠳᠡᠯ ᠮᠢᠩᠭᠠᠨ ᠲᠥᠭᠦᠷᠢᠭ ᠢ ᠳᠠᠪᠠᠵᠤ᠂ ︽ᠬᠤᠷᠤᠭᠤᠨ ᠦᠵᠦᠭᠦᠷ ᠮᠡᠷᠭᠡᠵᠢᠯ︾᠎ ᠢ ︽ᠬᠤᠷᠤᠭᠤᠨ ᠦᠵᠦᠭᠦᠷ ᠠᠵᠤ ᠠᠬᠤᠶ︾ ᠪᠣᠯᠭᠠᠨ ᠬᠤᠪᠢᠷᠠᠭᠤᠯᠬᠤ ᠶᠢ ᠦᠨᠡᠨ ᠬᠦ ᠪᠡᠶᠡᠯᠡᠭᠦᠯᠦᠨ᠎ᠡ᠃      ︽1 + N︾ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠤᠯᠠᠮᠵᠢᠯᠠᠨ ᠲᠠᠷᠬᠠᠭᠠᠬᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢᠶᠠᠷ ᠭᠤᠤᠯ ᠪᠣᠯᠭᠠᠨ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠲᠦᠷᠦᠭᠦᠯᠡᠨ ᠨᠢᠭᠡᠳᠦᠯᠲᠡᠶ ᠲᠥᠯᠥᠪᠯᠡᠬᠦ᠂ ᠨᠠᠮ ᠤᠨ ᠭᠡᠰᠢᠭᠦᠨ ᠵᠢᠱᠢᠶ᠎ᠡ ᠦᠵᠡᠭᠦᠯᠦᠨ ᠳᠠᠶᠢᠴᠢᠯᠠᠬᠤ᠂ ᠣᠯᠠᠨ ᠲᠦᠮᠡᠨ ᠢ ᠥᠷᠭᠡᠨ ᠢᠶᠠᠷ ᠣᠷᠣᠯᠴᠠᠭᠤᠯᠬᠤ ᠪᠠᠷ ᠳᠠᠮᠵᠢᠭᠤᠯᠤᠨ᠂ ︽ᠤᠮᠠᠷᠠᠲᠤ ᠬᠢᠯᠢ ᠶᠢᠨ ᠡᠮᠡᠭᠲᠡᠶᠢᠴᠦᠳ ᠤᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾᠂ ︽ᠬᠤᠪᠴᠠᠰᠤ ᠵᠠᠰᠠᠯ ᠤᠨ ᠪᠣᠯᠪᠠᠰᠤᠷᠠᠭᠤᠯᠤᠯ ᠢᠶᠠᠷ ᠤᠷ᠎ᠠ ᠴᠢᠳᠠᠪᠤᠷᠢ ᠪᠠᠨ ᠴᠢᠩᠭᠠᠳᠬᠠᠬᠤ︾ ᠵᠡᠷᠭᠡ ᠤᠨᠴᠠᠯᠢᠬᠳᠤ ᠠᠵᠢᠯᠯᠠᠭ᠎ᠠ ᠶᠢ 10 ᠭᠠᠷᠤᠶ ᠲᠠᠯᠠᠪᠤᠷ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢ ᠱᠠᠲᠤᠯᠵᠢᠨ ᠡᠩᠨᠡᠭᠡ ᠶᠢ ᠬᠥᠮᠦᠵᠢᠭᠦᠯᠬᠦ ᠲᠥᠯᠥᠪᠯᠡᠭᠡ ᠶᠢ ᠪᠠᠶᠢᠭᠤᠯᠵᠤ᠂ ︽ᠪᠠᠭ᠋ᠠᠳᠠᠳ— ᠤᠯᠠᠮᠵᠢᠯᠠᠨ ᠲᠡᠯᠬᠡᠷᠡᠬᠦᠯᠦᠭᠴᠢ — ᠤᠯᠠᠮᠵᠢᠯᠠᠨ ᠵᠠᠯᠭᠠᠮᠵᠢᠯᠠᠭᠴᠢ︾ ᠭᠤᠷᠪᠠᠨ ᠱᠠᠲᠤᠨ ᠤ ᠬᠥᠮᠦᠵᠢᠭᠦᠯᠦᠨ ᠪᠤᠶᠢᠵᠢᠭᠤᠯᠬᠤ ᠰᠢᠰᠲ᠋ᠧᠮ ᠢᠶᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠲᠦᠮᠡᠨ ᠡᠷᠦᠬᠡ ᠳᠤ ᠣᠷᠣᠭᠤᠯᠵᠤ᠂ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠭᠤᠯᠬᠤ ᠲᠠᠯ᠎ᠠ ᠪᠠᠷ ᠲᠠᠰᠤᠷᠠᠯᠲᠠ ᠥᠬᠡᠶ ᠦᠶ᠎ᠡ ᠤᠯᠠᠷᠢᠭᠰᠠᠨ ᠠᠮᠢᠳᠤᠯᠢᠭ ᠪᠠᠶᠢᠳᠠᠯ ᠢ ᠪᠣᠶ ᠪᠣᠯᠭᠠᠪᠠ᠃       ᠲᠠᠷᠠᠭᠠᠴᠢ ᠶᠢᠨ ᠠᠯᠬᠤᠮ ᠳᠤ᠂ ᠳᠠᠷᠬᠠᠨ ᠵᠡᠭᠡᠯᠢ ᠭᠤᠳᠤᠮᠵᠢ ︽ᠨᠠᠮ ᠤᠨ ᠪᠠᠶᠢᠭᠤᠯᠤᠯᠲᠠ + ᠪᠣᠳᠠᠰ ᠤᠨ ᠪᠤᠰᠤ ᠰᠣᠶᠣᠯ ᠤᠨ ᠥᠪ︾᠎ ᠢ ᠠᠭᠤᠰᠤᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠠᠮ ᠤᠨ ᠪᠠᠶᠢᠭᠤᠯᠤᠯᠲᠠ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ᠂ ᠤᠷ᠎ᠠ ᠮᠡᠷᠭᠡᠵᠢᠯ ᠴᠢᠳᠠᠪᠤᠷᠢ ᠣᠯᠭᠤᠵᠤ ᠣᠷᠣᠯᠭ᠎ᠠ ᠶᠢ ᠨᠡᠮᠡᠭᠳᠡᠭᠦᠯᠬᠦ᠂ ᠰᠣᠶᠣᠯ ᠢ ᠠᠮᠢᠯᠠᠭᠤᠯᠬᠤ︾ ᠬᠥᠭᠵᠢᠯᠲᠡ ᠶᠢᠨ ᠵᠠᠭᠪᠤᠷ ᠲᠤ ᠰᠠᠭᠤᠷᠢᠯᠠᠵᠤ ᠂ ᠡᠬᠢ ᠪᠠᠶᠠᠯᠢᠭ ᠢ ᠬᠤᠯᠪᠣᠭᠠᠯᠠᠨ ᠡᠳ᠋ᠯᠡᠵᠦ ᠬᠤᠷᠠᠭᠤᠯᠬᠤ ᠦᠢᠯᠡᠳᠦᠯ ᠢ ᠪᠠᠳᠠᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ︽ᠠᠮᠢᠯᠠᠭᠤᠯᠵᠤ︾᠂ ᠠᠵᠤ  ᠦᠢᠯᠡᠰ ᠢ ︽ᠬᠦᠴᠦᠷᠬᠡᠭᠵᠢᠭᠦᠯᠵᠦ︾᠂ ᠣᠯᠠᠨ ᠲᠦᠮᠡᠨ ᠢ ︽ᠪᠠᠶᠠᠵᠢᠭᠤᠯᠵᠤ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠳᠤ ᠰᠣᠶᠣᠯ ᠤᠨ ᠬᠥᠳᠡᠯᠭᠡᠬᠦ ᠡᠨᠧᠷᠭᠢ ᠨᠡᠮᠡᠷᠢᠯᠡᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ