ᠪᠠᠭᠠᠷᠢᠨ ᠪᠠᠷᠠᠭᠤᠨ ᠬᠤᠰᠢᠭᠤᠨ ᠤ ᠳᠥᠷᠪᠡᠨ ᠤᠲᠠᠰᠤᠲᠤ ᠬᠤᠭᠤᠷ ᠤᠨ ᠤᠷᠠᠯᠢᠭ ᠤᠨ ᠨᠡᠶᠢᠭᠡᠮᠯᠢᠭ ᠤᠨ ᠪᠣᠷᠣᠠᠤᠰᠤ ᠬᠤᠪᠢᠶᠠᠷᠢ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/4/25
      4 ᠰᠠᠷ᠎ᠠ ᠶᠢᠨ 22᠎ ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠳᠥᠷᠪᠡᠨ ᠤᠲᠠᠰᠤᠲᠤ ᠬᠤᠭᠤᠷ ᠤᠨ ᠤᠷᠠᠯᠢᠭ ᠤᠨ ᠨᠡᠶᠢᠭᠡᠮᠯᠢᠭ ᠤᠨ ᠪᠣᠷᠣᠠᠤᠰᠤ ᠬᠤᠪᠢᠶᠠᠷᠢ ᠨᠡᠶᠢᠭᠡᠮᠯᠢᠭ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃ ᠥᠪᠥᠷ ᠮᠣᠩᠭᠤᠯ ᠤᠨ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ᠂ ᠤᠯᠠᠭᠠᠨᠬᠠᠳᠠ ᠬᠤᠲᠠ ᠶᠢᠨ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ᠂ ᠪᠠᠭᠠᠷᠢᠨ ᠪᠠᠷᠠᠭᠤᠨ ᠬᠤᠰᠢᠭᠤᠨ ᠤ ᠳᠥᠷᠪᠡᠨ ᠤᠲᠠᠰᠤᠲᠤ ᠬᠤᠭᠤᠷ ᠤᠨ ᠤᠷᠠᠯᠢᠭ ᠤᠨ ᠨᠡᠶᠢᠭᠡᠮᠯᠢᠭ ᠤᠨ ᠭᠤᠣᠯ ᠭᠡᠰᠢᠭᠦᠨ ᠶᠣᠰᠣᠯᠠᠯ ᠳᠤ ᠤᠷᠤᠯᠴᠠᠪᠠ᠃      ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠪᠣᠷᠣᠠᠤᠰᠤ ᠪᠠᠯᠭᠠᠰᠤᠨ ᠤ ᠭᠠᠷ ᠤᠷᠠᠯᠠᠯ ᠤᠨ ᠪᠣᠯᠪᠠᠰᠤᠷᠠᠯ ᠤᠨ ᠲᠥᠪ ᠲᠤ ᠬᠦᠷᠴᠦ ᠳᠥᠷᠪᠡᠨ ᠤᠲᠠᠰᠤᠲᠤ ᠬᠤᠭᠤᠷ ᠤᠨ ᠦᠢᠯᠡᠳᠬᠡᠯ ᠤᠨ ᠭᠠᠵᠠᠷ ᠢ ᠲᠣᠭᠤᠷᠢᠨ ᠦᠵᠡᠵᠦ᠂ ᠪᠠᠭᠠᠷᠢᠨ ᠪᠠᠷᠠᠭᠤᠨ ᠬᠤᠰᠢᠭᠤᠨ ᠤ ᠳᠥᠷᠪᠡᠨ ᠤᠲᠠᠰᠤᠲᠤ ᠤᠷᠠᠯᠢᠭ ᠤᠨ ᠨᠡᠶᠢᠭᠡᠮᠯᠢᠭ ᠤᠨ ᠭᠡᠰᠢᠭᠦᠳ ︽ᠰᠠᠶᠢᠬᠠᠨ ᠬᠠᠨ ᠠᠭᠤᠯᠠ ᠶᠢᠨ ᠮᠠᠭᠲᠠᠭᠠᠯ︾᠂ ︽ᠲᠡᠮᠦᠷ ᠬᠡᠦᠬᠡᠨᠴᠦᠳ ᠤᠨ ᠮᠠᠭᠲᠠᠭᠠᠯ︾ ᠵᠡᠷᠭᠡ ᠰᠣᠩᠭᠤᠳᠠᠭ ᠬᠤᠯᠪᠣᠭ᠎ᠠ ᠵᠢᠴᠢ ᠳᠥᠷᠪᠡᠨ ᠤᠲᠠᠰᠤᠲᠤ ᠬᠦᠭᠵᠢᠮ ᠤᠨ ᠪᠦᠲᠦᠭᠡᠯ ᠢ ᠲᠣᠭᠯᠠᠪᠠ᠃      ᠳᠥᠷᠪᠡᠨ ᠤᠲᠠᠰᠤᠲᠤ ᠬᠤᠭᠤᠷ ᠪᠣᠯ ᠮᠣᠩᠭᠤᠯ ᠦᠨᠳᠦᠰᠦᠲᠡᠨ ᠤ ᠲᠤᠤᠯᠢ ᠶᠢᠨ ᠤᠯᠠᠮᠵᠢᠯᠠᠨ ᠳᠠᠭᠤᠯᠠᠳᠠᠭ ᠭᠤᠣᠯ ᠬᠥᠭᠵᠢᠮ ᠪᠣᠯᠬᠤ ᠪᠠᠷ ᠪᠠᠷᠠᠬᠤ ᠦᠭᠡᠶ᠂ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠰᠣᠶᠣᠯ ᠤᠨ ᠬᠤᠯᠪᠣᠭᠠᠰᠤ ᠮᠥᠨ᠃ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠤᠯᠭᠠᠭᠤᠷᠢ ᠬᠦᠴᠦᠨ ᠪᠣᠯᠤᠭᠰᠠᠨ ᠤ ᠬᠤᠪᠢ ᠳᠤ᠂ ᠪᠠᠭᠠᠷᠢᠨ ᠪᠠᠷᠠᠭᠤᠨ ᠬᠤᠰᠢᠭᠤᠨ ᠤ ᠳᠥᠷᠪᠡᠨ ᠤᠲᠠᠰᠤᠲᠤ ᠬᠤᠭᠤᠷ ᠤᠨ ᠤᠷᠠᠯᠢᠭ ᠤᠨ ᠨᠡᠶᠢᠭᠡᠮᠯᠢᠭ ᠨᠢ ᠳᠥᠷᠪᠡᠨ ᠤᠲᠠᠰᠤᠲᠤ ᠬᠤᠭᠤᠷ ᠤᠨ ᠳᠠᠭᠤᠤ ᠬᠥᠭᠵᠢᠮ᠂ ᠬᠤᠯᠪᠣᠭ᠎ᠠ᠂ ᠦᠯᠢᠭᠡᠷ᠂ ᠪᠠᠭᠠᠷᠢᠨ ᠤ ᠦᠯᠢᠭᠡᠷᠲᠦ ᠠᠷᠠᠳ ᠤᠨ ᠳᠠᠭᠤᠤ᠂ ᠲᠠᠷᠴᠠ ᠵᠡᠷᠭᠡ ᠲᠥᠷᠥᠯ ᠵᠦᠢᠯ ᠢ ᠬᠠᠮᠠᠭᠠᠯᠠᠨ ᠵᠠᠯᠭᠠᠮᠵᠢᠯᠠᠬᠤ ᠪᠠᠷ ᠴᠢᠷᠮᠠᠶᠢᠭᠰᠠᠭᠠᠷ ᠢᠷᠡᠵᠡᠢ᠃ ᠬᠤᠶᠢᠰᠢᠳᠠ᠂ ᠬᠤᠪᠢᠶᠠᠷᠢ ᠨᠡᠶᠢᠭᠡᠮᠯᠢᠭ ᠨᠢ ︽ᠪᠣᠳᠠᠰ ᠤᠨ ᠪᠤᠰᠤ ᠰᠣᠶᠣᠯ ᠤᠨ ᠥᠪ + ᠮᠠᠯᠵᠢᠬᠤ ᠣᠷᠣᠨ︾᠎ ᠤ ᠵᠠᠭᠪᠤᠷ ᠢᠶᠠᠷ ᠳᠠᠮᠵᠢᠭᠤᠯᠤᠨ᠂ ᠳᠥᠷᠪᠡᠨ ᠤᠲᠠᠰᠤᠲᠤ ᠬᠤᠭᠤᠷ ᠤᠨ ᠡᠯ᠎ᠡ ᠲᠥᠷᠥᠯ ᠤᠨ ᠪᠣᠯᠪᠠᠰᠤᠷᠠᠭᠤᠯᠤᠯ᠂ ᠲᠣᠭᠯᠠᠯᠲᠠ᠂ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠳᠥᠷᠪᠡᠨ ᠤᠲᠠᠰᠤᠲᠤ ᠬᠤᠭᠤᠷ ᠤᠨ ᠰᠣᠶᠣᠯ ᠢ ᠤᠯᠠᠮᠵᠢᠯᠠᠨ ᠬᠥᠭᠵᠢᠭᠦᠯᠬᠦ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ