ᠴᠠᠭᠠᠨᠮᠥ᠋ᠷᠡᠨ ᠰᠤᠮᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠯ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2025/4/27
      ᠤᠢᠢᠷ᠎ᠠ ᠶᠢᠨ ᠵᠢᠯ ᠠᠴᠠ᠂ ᠴᠠᠭᠠᠨᠮᠥ᠋ᠷᠡᠨ ᠰᠤᠮᠤ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠭᠠᠴᠠᠭ᠎ᠠ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠬᠦᠴᠦᠷᠬᠡᠭ ᠶᠡᠭᠡ ᠵᠢᠭᠰᠠᠭᠠᠯ ᠢ ᠪᠠᠶᠢᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ︽ᠥᠴᠦᠬᠡᠨ ᠭᠡᠷᠡᠯ︾᠎ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠭᠡᠷᠡᠯᠲᠦᠭᠦᠯᠬᠦ ︽ᠲᠡᠭᠷᠢ ᠳᠦᠭᠦᠷᠡᠩ ᠣᠳᠣᠨ ᠮᠡᠴᠢᠳ︾ ᠪᠣᠯᠭᠠᠪᠠ᠃      ᠨᠠᠮ ᠤᠨ  ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠠᠴᠢᠶᠠᠯᠠᠪᠤᠷᠢ ᠳᠤ ᠲᠦᠰᠢᠭᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯᠯᠠᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭᠠᠨ ᠤ ᠤᠬᠠᠮᠰᠠᠷ ᠢ ᠳᠡᠭᠡᠭᠰᠢᠯᠡᠭᠦᠯᠦᠨ᠂ ᠰᠢᠶᠠᠩ ᠲᠣᠰᠬᠤᠨ ᠬᠤᠶᠠᠷ ᠱᠠᠲᠤᠨ ᠤ ᠺᠠᠳ᠋ᠷ ᠤᠨ ᠣᠨᠣᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠦ᠋ᠢᠴᠡᠭᠡᠨ ᠤ ᠣᠳᠣᠨ ᠪᠣᠯᠬᠤ︾ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠵᠡᠪᠰᠡᠭ ᠤᠨ ᠡᠷᠳᠡᠮ ᠤᠨ ᠳᠤᠮᠳᠠ ᠠᠴᠠ ᠵᠥᠷᠢᠶ᠎ᠡ ᠪᠠᠨ ᠡᠷᠢᠵᠦ᠂ ᠬᠦᠷᠦᠯᠴᠡᠬᠦ ᠥᠬᠡᠶ ᠲᠠᠯ᠎ᠠ ᠪᠠᠨ ᠨᠥᠬᠦᠪᠥᠷᠢᠯᠡᠵᠦ᠂ ᠰᠤᠷᠤᠯᠴᠠᠯᠭ᠎ᠠ ᠶᠢᠨ ᠳᠤᠮᠳᠠ ᠬᠡᠪ ᠳᠠᠭᠤᠷᠢᠶᠠᠯ ᠪᠣᠯᠵᠣ᠂ ᠬᠠᠷᠠᠯᠲᠠ ᠪᠠᠨ ᠲᠣᠭᠲᠠᠭᠠᠵᠤ᠂ ᠬᠠᠮᠲᠤ ᠪᠠᠷ ᠬᠥᠭᠵᠢᠬᠦ ᠡᠷᠴᠢ ᠵᠣᠷᠢᠭ ᠢᠶᠠᠨ ᠬᠥᠭᠵᠢᠭᠡᠵᠦ᠂ ᠨᠢᠭᠡᠨ ᠰᠠᠯᠠᠭ᠎ᠠ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠦᠨᠳᠦᠰᠦᠨ ᠱᠠᠲᠤᠨ ᠤ ᠺᠠᠳ᠋ᠷ ᠤᠨ ᠡᠩᠨᠡᠭᠡ ᠶᠢ ᠪᠠᠶᠢᠭᠤᠯᠪᠠ᠃      ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠦᠴᠦᠯᠡᠬᠦ ᠴᠡᠭ ᠪᠣᠯᠭᠠᠵᠤ᠂ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠲᠦᠬᠦᠭᠡᠷᠤᠮᠵᠢᠳᠤ ᠲᠠᠷᠢᠶᠠᠯᠠᠩ ᠢ ᠶᠡᠭᠡ ᠪᠠᠷ ᠬᠥᠭᠵᠢᠭᠦᠯᠦᠨ᠎ᠡ᠃ ︽ᠬᠦᠲᠦᠯ ᠨᠤᠲᠤᠭ︾ ᠨᠠᠷᠠᠲᠤ ᠲᠡᠮᠳᠡᠭᠲᠦ ᠵᠢᠴᠢ ᠬᠠᠮᠢᠶ᠎ᠠ ᠪᠥᠬᠦᠶ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠦᠨ ᠪᠠᠶᠢᠭᠤᠯᠵᠤ᠂ ᠡᠵᠡᠩᠨᠡᠨ ᠪᠣᠷᠣᠯᠠᠭᠤᠯᠬᠤ ᠲᠥᠰᠦᠯ ᠪᠠ ︽ᠨᠠᠮ ᠤᠨ ᠡᠭᠦᠷ + ᠠᠵᠤ ᠠᠬᠤᠶᠢᠯᠠᠯ +  ᠬᠤᠷᠰᠢᠶᠠᠵᠢᠯ︾᠎ ᠶᠢᠨ ᠡᠵᠡᠩᠨᠡᠯᠲᠡ ᠶᠢᠨ ᠬᠡᠯᠪᠡᠷᠢ ᠶᠢ ᠲᠥᠰᠦᠪᠯᠡᠨ ᠤᠬᠠᠭᠤᠯᠵᠤ᠂ ᠮᠠᠯᠴᠢᠳ ᠤᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠨ᠂ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢ ᠪᠦᠲᠦᠮᠵᠢᠲᠡᠶ ᠠᠰᠢᠭᠯᠠᠵᠤ᠂ 20 ᠭᠠᠷᠤᠶ ᠬᠥᠮᠦᠨ ᠢ ᠳᠠᠶᠢᠴᠢᠯᠠᠨ ︽ᠬᠡᠷ ᠤᠨ ᠡᠭᠦᠳᠡᠨ︾᠎ ᠳᠤ ᠠᠵᠢᠯ ᠣᠯᠭᠤᠵᠤ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 17 ᠲᠦᠮᠡᠨ ᠲᠥᠭᠦᠷᠢᠭ ᠨᠡᠮᠡᠭᠳᠡᠭᠦᠯᠪᠡ᠃     ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠭᠤᠤᠯ ᠰᠢᠵᠢᠮ ᠢ ᠲᠤᠭᠳᠠᠭᠠᠵᠤ᠂ ᠣᠯᠠᠨ ᠲᠦᠮᠡᠨ ᠤ ᠪᠠᠴᠢᠮ ᠬᠦᠴᠢᠷᠳᠡᠯ ᠵᠣᠪᠠᠨᠢᠯ ᠲᠠᠢ ᠠᠰᠠᠭᠤᠳᠠᠯ ᠢ ᠤᠨᠢᠯᠠᠨ᠂ ᠬᠢᠴᠢᠶᠡᠯ ᠤᠨ ᠲᠠᠩᠬᠢᠮ ᠢ ᠲᠠᠷᠢᠶᠠᠨ ᠵᠠᠬ᠎ᠠ ᠳᠤ ᠨᠡᠭᠦᠯᠬᠡᠵᠦ᠂ ᠪᠠᠶᠢᠭᠤᠯᠭ᠎ᠠ ᠶᠢᠨ ᠺᠠᠳ᠋ᠷ᠂ ᠨᠠᠮ ᠤᠨ ᠭᠡᠰᠢᠭᠦᠨ᠂ ᠰᠠᠶᠢᠨ ᠳᠤᠷᠠᠴᠤᠳ ᠤᠬᠠᠭᠤᠯᠤᠨ ᠲᠠᠶᠢᠯᠪᠤᠷᠢᠯᠠᠬᠤ ᠪᠠᠭ᠎ᠠ ᠰᠠᠯᠪᠤᠷᠢ ᠠᠩᠭᠢ ᠶᠢ ᠪᠦᠷᠢᠯᠳᠦᠬᠦᠯᠦᠨ᠂ ᠰᠡᠳᠬᠢᠯ ᠢᠶᠠᠨ ᠰᠣᠯᠢᠯᠴᠠᠬᠤ᠂ ᠦᠯᠢᠭᠡᠷ ᠶᠠᠷᠢᠬᠤ᠂ ᠬᠡᠷᠡᠭ ᠤᠨ ᠵᠢᠱᠢᠶ᠎ᠡ ᠶᠠᠷᠢᠬᠤ ᠵᠡᠷᠭᠡ ᠵᠤᠭᠤᠭᠳᠠᠨ ᠶᠠᠷᠢᠯᠴᠠᠬᠤ ᠠᠷᠭ᠎ᠠ ᠮᠠᠶ᠋ᠢᠭ ᠢᠶᠠᠷ ᠲᠠᠮᠵᠢᠨ᠂ ᠥᠷᠭᠡᠨ ᠢᠶᠠᠷ ᠰᠤᠷᠤᠯᠴᠠᠨ ᠤᠬᠠᠭᠤᠯᠤᠨ ᠲᠠᠶᠢᠯᠪᠤᠷᠢᠯᠠᠵᠦ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ︽ᠰᠤᠷᠭᠠᠭᠤᠯᠢ ᠲᠠᠷᠬᠠᠭᠰᠠᠨ ᠡᠳᠦᠷ︾ ᠵᠡᠷᠭᠡ ᠬᠥᠮᠦᠰ ᠴᠤᠭᠯᠠᠷᠠᠭᠰᠠᠨ ᠴᠠᠭ ᠲᠤ᠂ ︽ᠶᠡᠭᠡ ᠪᠡᠯᠡᠭ ᠥᠭᠬᠦ ᠶᠢ ᠬᠤᠷᠢᠭᠯᠠᠬᠤ᠂ ᠪᠣᠯᠪᠠᠰᠤᠨ ᠤᠷᠤᠭ ᠤᠨ ᠶᠣᠰᠣ ᠶᠢ ᠰᠠᠨᠠᠭᠠᠴᠢᠯᠠᠬᠤ︾ ᠵᠡᠷᠭᠡ ᠤᠬᠠᠭᠤᠯᠭ᠎ᠠ ᠶᠢ ᠦᠷᠨᠢᠬᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠠᠭᠤᠴᠢᠨ ᠶᠣᠰᠣ ᠪᠦᠳᠦᠭᠦᠯᠢᠭ ᠳᠠᠳᠬᠠᠯ ᠢ ᠲᠠᠶᠠᠭᠳᠠᠭᠤᠯᠬᠤ᠂ ᠪᠣᠯᠪᠠᠰᠤᠨ ᠰᠢᠨ᠎ᠡ ᠰᠤᠷᠲᠠᠯ ᠢ ᠲᠦᠭ ᠲᠦᠮᠡᠨ ᠠᠶᠢᠯ ᠡᠷᠦᠬᠡ ᠳᠤ ᠬᠦᠷᠬᠡᠵᠦ᠂ ᠦᠵᠡᠯ ᠰᠠᠨᠠᠭᠠᠨ ᠤ ᠲᠠᠯ᠎ᠠ ᠪᠠᠷ ︽ᠬᠠᠭᠤᠴᠢᠨ ᠤᠯᠠᠮᠵᠢᠯᠠᠯ︾᠎ ᠢ ᠬᠤᠪᠢᠷᠠᠭᠤᠯᠤᠨ᠂ ᠡᠷᠦᠬᠡ ᠳᠤ ᠣᠷᠣᠵᠤ ᠤᠬᠠᠭᠤᠯᠭ᠎ᠠ ᠶᠢᠨ ᠬᠠᠭᠤᠳᠠᠰᠤ  ᠲᠠᠷᠬᠠᠭᠠᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠠᠬᠢᠭᠤᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ