ᠪᠠᠶᠠᠨᠲᠠᠯ᠎ᠠ ᠰᠤᠮᠤ ᠭᠤᠷᠪᠠᠨ ︽ᠠᠩᠬᠠᠷᠤᠯ ᠢᠶᠠᠨ ᠲᠥᠪᠯᠡᠷᠡᠭᠦᠯᠬᠦ︾᠎ ᠶᠢ ᠪᠠᠷᠢᠮᠲᠠᠯᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠤ ︽ᠭᠤᠸ᠎ᠠ ᠰᠠᠶᠢᠬᠠᠨ ᠵᠦᠭ ᠤᠷᠤᠭᠰᠢᠯᠠᠨ᠎ᠠ︾
ᠨᠡᠶᠢᠲᠡᠯᠡᠭᠰᠡᠨ ᠴᠠᠭ᠄
2025/4/28
      ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠴᠡᠪᠡᠷ ᠲᠡᠭᠰᠢ᠂ ᠵᠣᠯ ᠵᠢᠷᠭᠠᠯ ᠲᠠᠢ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠶ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠣᠶ ᠪᠣᠯᠭᠠᠬᠤ ᠶᠢᠨ ᠲᠥᠯᠥᠭᠡ᠂ ᠪᠠᠶᠠᠨᠲᠠᠯ᠎ᠠ ᠰᠤᠮᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠦᠷᠭᠦᠯᠵᠢᠯᠡᠨ ᠬᠦᠴᠦᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ︽  ᠭᠤᠸ᠎ᠠ ᠰᠠᠶᠢᠬᠠᠨ ᠵᠦᠭ ᠤᠷᠤᠭᠰᠢᠯᠠᠬᠤ︾᠎ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃      ᠡᠯ᠎ᠡ ᠭᠠᠴᠠᠭᠠᠨ ᠤ ᠭᠤᠣᠯ ᠵᠠᠮ᠂ ᠲᠣᠰᠬᠤᠨ ᠤ ᠭᠤᠳᠤᠮᠵᠢ᠂ ᠭᠡᠷ ᠤᠨ ᠠᠷᠤ ᠥᠪᠥᠷ᠂ ᠵᠠᠮ ᠤᠨ ᠬᠠᠵᠠᠭᠤ ᠶᠢᠨ ᠭᠤᠤ ᠰᠤᠪᠠᠭ ᠵᠡᠷᠭᠡ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠠᠰᠠᠭᠤᠳᠠᠯ ᠢ ᠳᠠᠶᠢᠴᠢᠯᠠᠨ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠦᠢᠯᠡᠴᠢᠯᠡᠭᠴᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠢ ᠳᠠᠶᠢᠴᠢᠯᠠᠵᠤ᠂ ᠪᠤᠵᠠᠷ ᠡᠪᠡᠰᠦ᠂ ᠡᠯᠳᠡᠪ ᠪᠣᠳᠠᠰ ᠢ ᠲᠥᠪᠯᠡᠷᠡᠭᠦᠯᠦᠨ ᠴᠡᠪᠡᠷᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ︽ᠨᠠᠷᠢᠯᠢᠭ︾ ᠲᠡᠰᠢ ᠡᠷᠢᠯᠬᠢᠯᠡᠵᠦ᠂ ︽ᠨᠠᠷᠢᠯᠢᠭ︾ ᠲᠡᠰᠢ ᠤᠷᠤᠭᠰᠢᠯᠠᠬᠤ ᠶᠢ ᠠᠬᠢᠭᠤᠯᠤᠨ᠎ᠠ᠃      ᠠᠷᠬᠠᠭ ᠭᠡᠮ ᠢ ᠴᠢᠩᠭ᠎ᠠ ᠠᠩᠬᠠᠷᠴᠤ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ︽ᠴᠡᠪᠡᠷ ᠴᠡᠮᠴᠡᠭᠡᠷ᠂ ᠴᠡᠪᠡᠷ ᠲᠡᠭᠰᠢ᠂ ᠡᠮᠬᠢ ᠵᠢᠷᠤᠮ ᠲᠠᠢ︾ ᠪᠠᠶᠢᠬᠤ ᠪᠠᠷ ᠬᠠᠷᠠᠯᠲᠠ ᠪᠣᠯᠭᠠᠵᠤ᠂ ︽ᠬᠥᠮᠦᠨ ᠤ ᠬᠦᠴᠦᠨ ᠤ ᠮᠠᠰᠢᠨ︾᠎ ᠤ ᠠᠷᠭ᠎ᠠ ᠮᠠᠶ᠋ᠢᠭ ᠢᠶᠠᠷ ᠣᠯᠵᠤ ᠬᠠᠷᠠᠬᠤ ᠳᠤ ᠬᠦᠴᠢᠷ᠂ ᠡᠷᠢᠵᠦ ᠣᠯᠬᠤ ᠳᠤ ᠬᠦᠴᠢᠷ᠂ ᠴᠡᠪᠡᠷᠯᠡᠬᠦ ᠳᠤ ᠬᠦᠴᠢᠷ ︽ᠡᠷᠦᠶ ᠬᠤᠷᠤᠶ ᠦᠭᠡᠢ ᠣᠪᠣᠭ᠎ᠠ︾᠎ ᠶᠢ ᠲᠦᠢᠯᠪᠤᠷᠢᠲᠠᠶ ᠴᠡᠪᠡᠷᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠴᠡᠪᠡᠷ ᠲᠣᠬᠢᠯᠢᠭ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃     ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾᠂ ᠬᠤᠭ ᠨᠣᠪᠰᠢ ᠶᠢ ᠴᠡᠭ ᠲᠣᠭᠲᠠᠭᠠᠨ ᠬᠠᠶᠠᠬᠤ ᠵᠡᠷᠭᠡ ᠪᠠᠶᠢᠩᠭᠤ ᠦᠷ᠎ᠡ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ︽ᠣᠬᠤᠷ ᠬᠤᠭᠤᠴᠠᠭᠠᠨ ᠤ ᠬᠤᠭ ᠨᠣᠪᠰᠢ ᠶᠢ ᠴᠡᠪᠡᠷᠯᠡᠬᠦ︾ ᠪᠠᠶᠢᠭᠰᠠᠨ ᠠᠴᠠ ︽ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ︾ ᠳᠠᠰᠢ ᠬᠤᠪᠢᠷᠠᠭᠤᠯᠬᠤ ᠶᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠬᠠᠮᠢᠶᠠᠷᠬᠤ ᠶᠢ ᠵᠡᠷᠭᠡ ᠪᠠᠷ ᠶᠠᠪᠤᠭᠳᠠᠭᠤᠯᠵᠤ᠂ ᠣᠷᠳᠣ ᠬᠤᠭᠤᠴᠠᠭ᠎ᠠ ᠪᠠᠷ ᠵᠠᠰᠠᠵᠤ ᠣᠷᠳᠣ ᠬᠤᠭᠤᠴᠠᠭ᠎ᠠ ᠪᠠᠷ ᠴᠡᠪᠡᠷᠯᠡᠬᠦ ᠶᠢ ᠦᠨᠡᠨᠬᠦ ᠪᠠᠳᠤᠯᠠᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ