ᠰᠤᠪᠤᠷᠭ᠎ᠠ ᠪᠠᠯᠭᠠᠰᠤ ᠬᠠᠪᠤᠷ ᠤᠨ ᠲᠠᠷᠢᠶᠠᠯᠠᠭ᠎ᠠ ᠶᠢᠨ ︽ᠤᠷᠤᠭᠰᠢᠯᠠᠯᠲᠠ ᠶᠢᠨ ᠠᠶᠠᠰ︾᠎ ᠢ ᠬᠥᠭᠵᠢᠮᠳᠡᠵᠦ᠂ ᠡᠯᠪᠡᠭ ᠬᠤᠷᠢᠶᠠᠯᠲᠠ ᠶᠢᠨ ᠰᠢᠨ᠎ᠡ ᠵᠢᠷᠤᠭ ᠲᠥᠰᠦᠪ ᠢ ᠵᠢᠷᠤᠭᠯᠠᠪᠠ
ᠨᠡᠶᠢᠲᠡᠯᠡᠭᠰᠡᠨ ᠴᠠᠭ᠄
2025/4/28
        ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠪᠠᠲᠤᠯᠠᠬᠤ ᠶᠢᠨ ᠲᠥᠯᠥᠭᠡ᠂ ᠰᠤᠪᠤᠷᠭ᠎ᠠ ᠪᠠᠯᠭᠠᠰᠤ ᠡᠷᠲᠡ ᠲᠥᠯᠥᠪᠯᠡᠵᠦ᠂ ᠡᠷᠲᠡ ᠪᠠᠶᠢᠷᠢᠯᠠᠭᠤᠯᠤᠨ᠂ ᠡᠷᠲᠡ ᠬᠥᠳᠡᠯᠦᠯᠴᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠶᠢ ᠴᠢᠩᠭᠠᠳᠬᠠᠬᠤ᠂ ᠮᠡᠷᠭᠡᠵᠢᠯ ᠤᠨ ᠵᠢᠯᠣᠭᠤᠳᠣᠯᠭ᠎ᠠ ᠶᠢ ᠥᠷᠨᠢᠭᠦᠯᠬᠦ᠂ ᠲᠠᠷᠢᠶᠠᠯᠠᠩ ᠤᠨ ᠮᠠᠰᠢᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃       ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠠᠶᠢᠯᠳᠤᠭᠠᠨ ᠤ ᠬᠡᠩᠭᠡᠷᠭᠡ ᠨᠢᠭᠡᠨᠲᠡ ᠬᠠᠩᠭᠢᠨᠠᠵᠤ᠂ ᠲᠠᠷᠢᠶᠠᠯᠠᠩ ᠤᠨ ᠬᠡᠷᠡᠭᠰᠡᠯ ᠤᠨ ᠪᠠᠲᠤᠯᠠᠭ᠎ᠠ ᠨᠢ ᠵᠠᠩᠭᠢᠯᠠᠭ᠎ᠠ ᠶᠢᠨ ︽ᠡᠮᠦᠨ᠎ᠡ ᠬᠠᠷᠠᠭᠤᠯ︾ ᠪᠣᠯᠪᠠ᠃ ᠰᠤᠪᠤᠷᠭ᠎ᠠ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠮᠠᠰᠢ ᠶᠠᠭᠠᠷᠠᠯᠲᠠᠶ ᠪᠠᠶᠢᠵᠤ᠂ ᠬᠥᠮᠥᠷᠭᠡ ᠳᠤ ᠬᠢᠮᠢ ᠶᠢᠨ ᠪᠣᠷᠲᠣᠭᠤᠷ᠂ ᠤᠰᠤᠯᠠᠬᠤ ᠪᠦᠰᠡ᠂ ᠰᠦᠯᠢᠶᠣᠣ ᠪᠦᠷᠬᠦᠪᠴᠢ ᠵᠡᠷᠭᠡ ᠡᠳ᠋ ᠪᠣᠳᠠᠰ ᠢ ᠲᠡᠷᠢ ᠲᠡᠭᠰᠢ ᠲᠠᠯᠪᠢᠵᠤ᠂ ᠨᠥᠭᠡᠴᠡ ᠬᠦᠢᠴᠡᠳ ᠪᠠᠶᠢᠨ᠎ᠠ᠃ ᠲᠠᠷᠢᠶᠠᠯᠠᠩ ᠤᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠶᠢ ᠢᠳᠡᠪᠬᠢᠲᠡᠶ ᠪᠠᠷ ᠵᠣᠬᠢᠴᠠᠭᠤᠯᠤᠨ᠂ ᠪᠠᠷᠠᠭ᠎ᠠ ᠣᠷᠣᠭᠤᠯᠬᠤ ᠠᠷᠭ᠎ᠠ ᠵᠠᠮ ᠢᠶᠠᠨ ᠥᠷᠭᠡᠵᠢᠭᠦᠯᠵᠦ᠂ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠴᠠᠭ ᠲᠤᠬᠠᠶ ᠳᠤᠨᠢ ᠬᠠᠩᠭᠠᠬᠤ ᠶᠢ ᠦᠨᠡᠨᠬᠦ ᠪᠠᠳᠤᠯᠠᠨ᠎ᠠ᠃ ᠣᠲᠣ ᠪᠣᠯᠲᠠᠯ᠎ᠠ᠂ ᠨᠢᠭᠡᠨᠲᠡ 86 ᠲᠣᠨ ᠴᠢᠨᠠᠷ ᠰᠠᠶᠢᠲᠠᠶ ᠬᠢᠮᠢ ᠶᠢᠨ ᠪᠣᠷᠲᠣᠭᠤᠷ᠂ 22 ᠲᠣᠨ ᠰᠢᠭᠡᠰᠦᠯᠢᠭ ᠡᠳ᠋᠂ 64 ᠲᠣᠨ ᠬᠤᠶᠠᠷᠴᠢ ᠠᠮᠢᠨ᠂ 2 ᠺᠢᠯᠣᠮᠧᠲᠷ ᠵᠤᠵᠠᠭᠠᠨ ᠰᠦᠯᠢᠶᠣᠣ ᠪᠦᠷᠬᠦᠪᠴᠢ ᠶᠢ ᠨᠥᠭᠡᠴᠡᠯᠡᠵᠦ᠂ ᠬᠠᠪᠤᠷ ᠤᠨ ᠲᠠᠷᠢᠶᠠᠯᠠᠭ᠎ᠠ ᠶᠢᠨ  ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠪᠠᠶᠢᠨ᠎ᠠ᠃       ᠮᠠᠯᠴᠢᠨ ᠲᠠᠷᠢᠶᠠᠴᠢᠨ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠬᠠᠪᠤᠷ ᠤᠨ ᠲᠠᠷᠢᠶᠠᠯᠠᠭ᠎ᠠ ᠬᠢᠯᠭᠡᠬᠦ ᠶᠢᠨ ᠲᠥᠯᠥᠭᠡ᠂ ᠰᠤᠪᠤᠷᠭ᠎ᠠ ᠪᠠᠯᠭᠠᠰᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠲᠠᠷᠢᠶᠠᠨ ᠡᠮ ᠢ ᠠᠮᠤᠷ ᠲᠦᠪᠰᠢᠨ ᠢᠶᠠᠷ ᠬᠡᠷᠡᠭᠯᠡᠬᠦ ᠮᠡᠷᠭᠡᠵᠢᠯ᠂ ᠪᠣᠷᠲᠣᠭᠤᠷ ᠬᠡᠷᠡᠭᠯᠡᠬᠦ ᠪᠠ ᠬᠠᠮᠢᠶᠠᠷᠬᠤ ᠵᠡᠷᠭᠡ ᠲᠠᠯ᠎ᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠮᠠᠯᠴᠢᠨ ᠲᠠᠷᠢᠶᠠᠴᠢᠨ ᠢ ᠲᠠᠰᠤᠷᠠᠯᠲᠠ ᠥᠬᠡᠶ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠣᠨᠣᠯᠵᠢᠬᠤᠨ ᠢ ᠭᠥᠯᠢᠶᠡᠨ ᠠᠪᠤᠭᠤᠯᠵᠤ᠂ ᠰᠢᠨ᠎ᠡ ᠮᠡᠳᠡᠯᠭᠡ ᠶᠢ ᠰᠤᠷᠤᠯᠴᠠᠭᠤᠯᠵᠤ᠂ ᠰᠢᠨ᠎ᠡ ᠠᠷᠭ᠎ᠠ ᠶᠢ ᠡᠵᠡᠮᠰᠢᠭᠦᠯᠵᠦ᠂ ᠰᠢᠨ᠎ᠡ ᠤᠷ᠎ᠠ ᠴᠢᠳᠠᠪᠤᠷᠢ ᠶᠢ ᠡᠵᠡᠮᠰᠢᠭᠦᠯᠵᠦ᠂ ᠲᠠᠷᠢᠶᠠᠯᠠᠩ ᠤᠨ ᠲᠠᠷᠢᠮᠠᠯ ᠤᠨ ᠮᠡᠷᠭᠡᠵᠢᠯ ᠤᠨ ᠬᠠᠮᠢᠶ᠎ᠠ ᠪᠥᠬᠦᠶ ᠣᠨᠣᠯ ᠤᠨ ᠮᠡᠳᠡᠯᠭᠡ ᠶᠢ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠦᠷᠭᠡᠵᠦ᠂ ᠪᠥᠬᠦ ᠪᠠᠯᠭᠠᠰᠤᠨ ᠤ ᠬᠠᠪᠤᠷ ᠤᠨ ᠤᠯᠠᠷᠢᠯ ᠤᠨ ᠲᠠᠷᠢᠶᠠᠯᠠᠩ ᠤᠨ  ᠦᠢᠯᠡᠳᠪᠦᠷᠢᠯᠡᠯ ᠳᠤ ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠲᠤᠬᠠᠶ ᠶᠢᠨ ᠲᠠᠯᠠᠪᠤᠷ ᠲᠤ ᠨᠢᠭᠡᠨᠲᠡ 4 ᠲᠠᠯᠠᠪᠤᠷ ᠤᠳᠠᠭ᠎ᠠ ᠪᠣᠯᠪᠠᠰᠤᠷᠠᠭᠤᠯᠵᠤ᠂ ᠮᠠᠯᠴᠢᠨ ᠲᠠᠷᠢᠶᠠᠴᠢᠨ ᠢ 300 ᠬᠥᠮᠦᠨ ᠤᠳᠠᠭ᠎ᠠ ᠪᠣᠯᠪᠠᠰᠤᠷᠠᠭᠤᠯᠵᠤ᠂ ᠮᠡᠷᠭᠡᠵᠢᠯ ᠤᠨ ᠮᠠᠲ᠋ᠧᠷᠢᠶᠠᠯ 2000 ᠭᠠᠷᠤᠶ ᠬᠤᠪᠢ ᠲᠠᠷᠬᠠᠭᠠᠪᠠ᠃       ᠲᠠᠷᠢᠶᠠᠯᠠᠩ ᠤᠨ ᠮᠠᠰᠢᠨ ᠪᠣᠯ ᠬᠠᠪᠤᠷ ᠤᠨ ᠲᠠᠷᠢᠶᠠᠯᠠᠭ᠎ᠠ ᠶᠢᠨ ᠭᠤᠤᠯ ᠬᠦᠴᠦᠨ ᠴᠡᠷᠢᠭ ᠪᠠᠶᠢᠵᠤ᠂ ᠰᠤᠪᠤᠷᠭ᠎ᠠ ᠪᠠᠯᠭᠠᠰᠤ ᠤᠷᠢᠳᠴᠢᠯᠠᠨ ᠪᠠᠶᠢᠷᠢᠯᠠᠭᠤᠯᠵᠤ᠂ ᠲᠠᠷᠢᠶᠠᠯᠠᠩ ᠤᠨ ᠮᠠᠰᠢᠨ ᠪᠠᠭᠠᠵᠢ ᠶᠢ ᠰᠡᠯᠪᠢᠨ ᠵᠠᠰᠠᠵᠤ ᠪᠠᠶᠢᠴᠠᠭᠠᠨ ᠬᠡᠮᠵᠢᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠮᠡᠷᠭᠡᠵᠢᠯ ᠤᠨ ᠠᠵᠢᠯᠲᠠᠨ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂ ᠲᠠᠷᠢᠶᠠᠴᠢᠳ ᠲᠤ ᠰᠦᠢᠳᠬᠡᠯ ᠬᠤᠷᠢᠶᠠᠬᠤ ᠦᠭᠡᠶ ᠪᠠᠷ ᠲᠠᠷᠢᠶᠠᠯᠠᠩ ᠤᠨ ᠮᠠᠰᠢᠨ ᠪᠠᠭᠠᠵᠢ ᠪᠠᠶᠢᠴᠠᠭᠠᠨ ᠵᠠᠰᠠᠵᠤ ᠦᠭᠬᠦᠪᠡ᠃ ᠮᠡᠷᠭᠡᠵᠢᠯᠲᠡᠨ ᠲᠷᠠᠺᠲ᠋ᠣᠷ᠂ ᠦᠷ᠎ᠡ ᠰᠠᠴᠤᠬᠤ ᠮᠠᠰᠢᠨ᠂ ᠡᠷᠭᠢᠯᠳᠦᠭᠦᠯᠦᠨ ᠳᠠᠷᠢᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠶᠢᠨ ᠬᠥᠳᠡᠯᠭᠡᠭᠦᠷ ᠮᠠᠰᠢᠨ᠂ ᠳᠠᠮᠵᠢᠯᠭ᠎ᠠ ᠶᠢᠨ ᠰᠢᠰᠲ᠋ᠧᠮ᠂ ᠲᠣᠷᠣᠮᠰᠤᠯᠠᠬᠤ ᠲᠥᠬᠦᠭᠡᠷᠦᠮᠵᠢ ᠵᠡᠷᠭᠡ ᠵᠠᠩᠭᠢᠯᠠᠭ᠎ᠠ ᠶᠢᠨ ᠬᠡᠰᠡᠭ ᠢ ᠨᠠᠷᠢᠨ ᠪᠠᠶᠢᠴᠠᠭᠠᠵᠤ᠂ ᠲᠠᠷᠢᠶᠠᠯᠠᠩ ᠤᠨ ᠮᠠᠰᠢᠨᠴᠢᠨ ᠳᠤ ᠴᠠᠭ ᠲᠤᠬᠠᠶ ᠳᠤᠨᠢ ᠡᠯᠡᠭᠳᠡᠯ ᠰᠡᠯᠪᠢᠭ ᠲᠣᠨᠤᠭ ᠢ ᠰᠣᠯᠢᠵᠤ᠂ ᠲᠠᠷᠢᠶᠠᠯᠠᠩ ᠤᠨ ᠮᠠᠰᠢᠨ ᠤ ᠴᠢᠨᠠᠷ ᠴᠢᠨᠰᠠᠭ᠎ᠠ ᠶᠢᠨ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ ᠣᠳᠣ ᠪᠣᠯᠲᠠᠯ᠎ᠠ ᠨᠢᠭᠡᠨᠲᠡ 60 ᠭᠠᠷᠤᠶ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠰᠠ ᠲᠠᠷᠢᠶᠠᠯᠠᠩ ᠤᠨ ᠮᠠᠰᠢᠨ ᠤ ᠠᠶᠣᠯᠭᠦᠢ ᠦᠢᠯᠡᠳᠪᠦᠷᠢᠯᠡᠯ ᠎ ᠤᠨ ᠪᠣᠯᠪᠠᠰᠤᠷᠠᠭᠤᠯᠤᠯ ᠢ ᠡᠷᠭᠢᠯᠡᠵᠦ᠂ ᠲᠠᠷᠢᠶᠠᠯᠠᠩ ᠤᠨ ᠮᠠᠰᠢᠨ ᠤ ᠠᠵᠢᠯᠲᠠᠨ ᠤ ᠠᠵᠢᠯᠯᠠᠬᠤ ᠮᠡᠷᠭᠡᠵᠢᠯ ᠴᠢᠳᠠᠪᠤᠷᠢ ᠪᠠ ᠰᠡᠯᠪᠢᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠮᠠᠰᠢᠨᠴᠢᠯᠠᠨ ᠠᠵᠢᠯᠯᠠᠬᠤ ᠶᠢ ᠪᠠᠲᠤᠯᠠᠪᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ