| | | | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠦᠷᠢᠮᠵᠢᠯᠲᠡ᠂ | ᠵᠢᠷᠤᠮᠵᠢᠯᠲᠠ᠂ ᠮᠡᠳᠡᠭᠡ ᠵᠠᠩᠭᠢᠵᠢᠯᠲᠠ ᠶᠢ ᠠᠬᠢᠭᠤᠯᠬᠤ ᠶᠢᠨ ᠲᠤᠰᠠᠳᠠ᠂ ᠪᠠᠶᠠᠨᠲᠠᠯ᠎ᠠ ᠰᠤᠮᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ ᠮᠥᠩᠭᠦ ᠡᠳ᠋ | ᠬᠥᠷᠥᠩᠭᠡ ᠡᠬᠢ ᠪᠠᠶᠠᠯᠢᠭ︾ ᠢ ᠲᠦᠢᠯ ᠤᠨ ᠣᠨᠣᠪᠴᠢᠲᠠᠶ ᠪᠠᠷ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ︽ᠪᠥᠬᠦ ᠵᠦᠢᠯ ᠢ ᠲᠣᠳᠣᠷᠬᠠᠶᠢᠯᠠᠬᠤ᠂ | ᠲᠦᠷᠢᠮ ᠪᠠᠶᠢᠭᠤᠯᠬᠤ᠂ ᠬᠠᠮᠢᠶᠠᠷᠤᠯᠲᠠ ᠪᠠᠨ ᠴᠢᠩᠭᠠᠳᠬᠠᠬᠤ︾ ᠭᠤᠷᠪᠠᠨ ᠠᠯᠬᠤᠮ ᠢᠶᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ | ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠲᠣᠰᠬᠤᠨ ᠤ ᠬᠠᠮᠲᠤ ᠶᠢᠨ ᠠᠵᠤ | ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠰᠢᠨ᠎ᠡ ᠬᠥᠳᠡᠯᠭᠡᠭᠴᠢ ᠡᠨᠧᠷᠭᠢ ᠬᠠᠩᠭᠠᠨ᠎ᠠ᠃ | ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠪᠠᠶᠢᠴᠠᠭᠠᠯᠲᠠ ᠶᠢ ᠴᠢᠩᠭ᠎ᠠ ᠠᠳᠬᠤᠵᠤ᠂ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠪᠡ᠃ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠢᠨᠠᠯᠲᠠ ᠬᠠᠮᠢᠶᠠᠷᠤᠯᠲᠠ ᠶᠢᠨ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠪᠠᠷ ᠭᠠᠷᠳᠠᠴᠠ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ | ᠲᠦᠢᠯ ᠤᠨ ᠣᠨᠣᠪᠴᠢᠲᠠᠶ ᠪᠠᠷ ᠳᠣᠲᠣᠯᠠᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ︽ᠪᠠᠶᠠᠨᠲᠠᠯ᠎ᠠ ᠰᠤᠮᠤᠨ ᠤ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ︿ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ﹀ ᠤᠨ ᠲᠦᠢᠯ ᠤᠨ ᠣᠨᠣᠪᠴᠢᠲᠠᠶ ᠪᠠᠷ ᠳᠣᠲᠣᠯᠠᠨ ᠪᠠᠶᠢᠴᠠᠭᠠᠬᠤ ᠠᠵᠢᠯ ᠤᠨ ᠲᠥᠰᠦᠯ︾ ᠢ | ᠳᠠᠷᠤᠮᠠᠯᠯᠠᠨ ᠲᠠᠷᠬᠠᠭᠠᠵᠤ᠂ ᠳᠣᠲᠣᠯᠠᠨ ᠪᠠᠶᠢᠴᠠᠭᠠᠬᠤ ᠬᠡᠪᠴᠢᠶ᠎ᠡ ᠪᠠ ᠳᠣᠲᠣᠯᠠᠨ ᠪᠠᠶᠢᠴᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠨ᠂ ᠡᠯ᠎ᠡ ᠭᠠᠴᠠᠭ᠎ᠠ ᠨᠠᠷᠢᠨ ᠬᠢᠨᠠᠮᠠᠭᠠᠶ | ᠥᠪᠡᠰᠦᠪᠡᠨ ᠪᠠᠶᠢᠴᠠᠭᠠᠭᠰᠠᠨ ᠤ ᠳᠠᠷᠠᠭ᠎ᠠ᠂ ᠰᠤᠮᠤᠨ ᠤ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠠᠴᠠ ᠳᠠᠬᠢᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ | ᠣᠳᠣᠬᠠᠨ ᠳᠤ᠂ ᠰᠤᠮᠤᠨ ᠤ 11 ᠭᠠᠴᠠᠭ᠎ᠠ ᠬᠠᠮᠲᠤ ᠶᠢᠨ ᠡᠬᠢ ᠪᠠᠶᠠᠯᠢᠭ ᠤᠨ ᠭᠡᠷ᠎ᠡ 66 ᠬᠤᠪᠢ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ 14 ᠶᠢ | ᠢᠯᠭᠠᠷᠠᠭᠤᠯᠤᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠲᠥᠷᠥᠯ ᠬᠤᠪᠢᠶᠠᠨ ᠳᠡᠩᠰᠡᠯᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠪᠡ᠃ | ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠲᠣᠭᠲᠠᠴᠠ ᠶᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠦᠨ᠎ᠡ᠃ ᠳᠦᠷᠢᠮ ᠤᠨ ᠪᠠᠲᠤᠯᠠᠭ᠎ᠠ ᠪᠠᠷ ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢ | ᠵᠢᠷᠤᠮᠵᠢᠭᠤᠯᠬᠤ ᠶᠢ ᠠᠬᠢᠭᠤᠯᠵᠤ᠂ ︽ᠪᠠᠶᠠᠨᠲᠠᠯ᠎ᠠ ᠰᠤᠮᠤᠨ ᠤ ᠬᠠᠮᠲᠤ ᠶᠢᠨ ︿ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ﹀ ᠤᠨ ᠬᠠᠮᠢᠶᠠᠷᠤᠯᠲᠠ ᠶᠢᠨ ᠳᠦᠷᠢᠮ︾ | ᠢ ᠲᠣᠭᠲᠠᠭᠠᠵᠤ᠂ ᠭᠠᠴᠠᠭᠠᠨ ᠤ ᠺᠠᠳ᠋ᠷ ᠤᠨ ᠠᠵᠢᠯ ᠤᠨ ᠠᠵᠢᠯᠯᠠᠭ᠎ᠠ ᠪᠠ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠵᠢᠷᠤᠮᠵᠢᠯ ᠢ ᠴᠢᠩᠭᠠᠳᠬᠠᠵᠤ᠂ ᠡᠯ᠎ᠡ ᠭᠠᠴᠠᠭᠠᠨ ᠤ | ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠠ ᠳᠠᠩᠰᠠ ᠮᠡᠳᠡᠭᠦᠯᠬᠦ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ | ᠭᠠᠴᠠᠭ᠎ᠠ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠪᠠ ᠳᠠᠩᠰᠠ ᠮᠡᠳᠡᠭᠦᠯᠬᠦ ᠴᠤᠪᠤᠷᠠᠯ᠂ ︽ᠳᠥᠷᠪᠡ ᠶᠢ | ᠵᠥᠪᠯᠡᠵᠦ ᠬᠤᠶᠠᠷ ᠢ ᠢᠯᠡ ᠪᠣᠯᠭᠠᠬᠤ︾ ᠳᠦᠷᠢᠮ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠳᠦᠷᠢᠮ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠡᠯ᠎ᠡ | ᠭᠠᠴᠠᠭᠠᠨ ᠤ ᠳᠠᠩᠰᠠ ᠮᠡᠳᠡᠭᠦᠯᠬᠦ ᠠᠵᠢᠯᠲᠠᠨ ᠢ ᠬᠠᠪᠰᠤᠷᠤᠨ ᠭᠠᠴᠠᠭ᠎ᠠ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ | ᠳᠦᠷᠢᠮᠵᠢᠭᠰᠡᠨ ᠬᠠᠮᠢᠶᠠᠷᠤᠯᠲᠠ ᠶᠢᠨ ᠦᠨᠳᠦᠰᠦᠨ ᠮᠡᠳᠡᠯᠭᠡ ᠵᠢᠴᠢ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠣᠶᠢᠯᠭᠠᠨ | ᠡᠵᠡᠮᠰᠢᠬᠦᠯᠦᠨ᠎ᠡ᠃ | ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠶᠢ ᠢᠯᠡ ᠪᠣᠯᠭᠠᠬᠤ ᠶᠢ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠭᠠᠴᠠᠭᠠᠨ ᠤ ᠴᠢᠬᠤᠯᠠ ᠶᠡᠭᠡ ᠤᠴᠢᠷ ᠶᠠᠪᠤᠳᠠᠯ ᠢ ︽ᠳᠥᠷᠪᠡ ᠶᠢ ᠵᠥᠪᠯᠡᠵᠦ ᠬᠤᠶᠠᠷ ᠢ ᠢᠯᠡ | ᠪᠣᠯᠭᠠᠬᠤ︾ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠭᠠᠴᠠᠭᠠᠨ ᠤ ᠴᠢᠬᠤᠯᠠ ᠶᠡᠭᠡ ᠤᠴᠢᠷ ᠶᠠᠪᠤᠳᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ | ᠪᠠ ᠬᠡᠷᠡᠭᠵᠢᠭᠦᠯᠦᠯᠲᠡ ᠳᠤ ᠣᠷᠣᠯᠴᠠᠬᠤ ᠠᠷᠠᠳᠴᠢᠯᠠᠯ ᠤᠨ ᠡᠷᠬᠡ ᠶᠢ ᠦᠷᠭᠦᠯᠵᠢᠯᠡᠨ ᠪᠠᠲᠤᠯᠠᠨ᠎ᠠ᠃ ᠪᠥᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠡᠳ᠋ | ᠬᠥᠷᠥᠩᠭᠡ ᠶᠢ ᠬᠢᠨᠠᠨ ᠬᠠᠮᠢᠶᠠᠷᠬᠤ ᠲᠠᠪᠴᠠᠩ ᠢ ᠬᠦᠢᠴᠡᠳ ᠬᠡᠷᠡᠭᠯᠡᠨ᠂ ᠲᠠᠩᠰᠠ ᠬᠠᠷ᠎ᠠ ᠶᠢ ᠡᠯᠧᠺᠲᠷᠣᠨ ᠢᠶᠠᠷ ᠣᠷᠣᠭᠤᠯᠬᠤ ᠶᠢ ᠪᠡᠶᠡᠯᠡᠭᠦᠯᠵᠦ᠂ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠳᠠᠯᠳᠠ ᠠᠴᠠ ᠢᠯᠡ ᠪᠣᠯᠭᠠᠬᠤ᠂ ᠬᠢᠨᠠᠯᠲᠠ ᠲᠠᠯᠪᠢᠬᠤ ᠡᠷᠴᠢᠮ ᠢ ᠪᠠᠭᠤᠷᠠᠶ ᠠᠴᠠ ᠬᠦᠴᠦᠷᠬᠡᠭ ᠪᠣᠯᠭᠠᠬᠤ | ᠬᠤᠪᠢᠷᠠᠯᠲᠠ ᠶᠢ ᠪᠡᠶᠡᠯᠡᠭᠦᠯᠦᠨ᠎ᠡ᠃ ︽ᠭᠤᠷᠪᠠᠨ ᠶᠠᠪᠤᠳᠠᠯ︾ ᠢ ᠢᠯᠡ ᠪᠣᠯᠭᠠᠬᠤ ᠲᠦᠷᠢᠮ ᠢ ᠨᠠᠶᠢᠳᠠᠪᠤᠷᠢᠵᠢᠭᠤᠯᠵᠤ᠂ ᠡᠯ᠎ᠡ ᠭᠠᠴᠠᠭᠠᠨ ᠤ ᠢᠯᠡ ᠪᠣᠯᠭᠠᠬᠤ | ᠪᠤᠯᠤᠩ ᠳᠤ ᠨᠠᠮ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠮᠠᠯᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠣᠯᠭᠤᠭᠰᠠᠨ ᠪᠠᠶᠢᠳᠠᠯ᠂ | ᠬᠠᠮᠲᠤ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠵᠡᠷᠭᠡ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠨᠡᠯᠢᠶᠡᠳ ᠥᠨᠳᠥᠷ ᠪᠠᠶᠢᠬᠤ ᠠᠭᠤᠯᠭ᠎ᠠ ᠶᠢ ᠢᠯᠡ | ᠪᠣᠯᠭᠠᠬᠤ ᠡᠷᠴᠢᠮ ᠢ ᠭᠤᠤᠯᠳᠠᠯᠭ᠎ᠠ ᠲᠠᠢ ᠴᠢᠩᠭᠠᠳᠬᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠪᠠᠯᠠ ᠮᠥᠩᠭᠦ ᠶᠢᠨ ᠵᠠᠷᠤᠯᠭ᠎ᠠ᠂ ᠡᠳ᠋ ᠬᠥᠷᠥᠩᠭᠡ ᠲᠦᠷᠢᠶᠡᠰᠦᠯᠡᠬᠦ | ᠵᠡᠷᠭᠡ ᠮᠡᠳᠡᠭᠡ ᠵᠠᠩᠭᠢ ᠶᠢ ᠢᠯᠡ ᠪᠣᠯᠭᠠᠵᠤ᠂ ᠣᠯᠠᠨ ᠲᠦᠮᠡᠨ ᠤ ᠰᠡᠳᠬᠢᠯ ᠳᠤ ︽ᠲᠣᠳᠣᠷᠬᠠᠶ ᠲᠠᠩᠰᠠ︾ ᠲᠠᠢ ᠪᠣᠯᠭᠠᠵᠤ᠂ ︽ᠪᠠᠯᠠ ᠮᠥᠩᠭᠦ ᠡᠳ᠋ ᠬᠥᠷᠥᠩᠭᠡ ᠡᠬᠢ | ᠪᠠᠶᠠᠯᠢᠭ︾ ᠤᠨ ᠬᠠᠮᠢᠶᠠᠷᠤᠯᠲᠠ ᠶᠢ ᠨᠠᠩ ᠢᠯᠡ ᠲᠣᠳᠣ ᠪᠣᠯᠭᠠᠨ᠎ᠠ᠃ | ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠲᠦᠢᠯ ᠤᠨ ᠣᠨᠣᠪᠴᠢᠲᠠᠶ ᠪᠠᠷ ᠢᠯᠭᠠᠷᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠡᠭᠦᠷᠭᠡ ᠬᠠᠲᠠᠭᠤ ᠪᠡᠷᠬᠡ ᠶᠤᠮ᠃ ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠰᠤᠮᠤ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠨᠠᠷᠢᠯᠢᠭ ᠣᠨᠣᠪᠴᠢᠲᠠᠶ ᠪᠠᠶᠢᠴᠠᠭᠠᠯᠲᠠ ᠬᠢᠬᠦ ᠠᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠠᠴᠠᠭᠠᠨ ᠤ ᠬᠠᠮᠲᠤ ᠶᠢᠨ ᠪᠠᠯᠠ ᠮᠥᠩᠭᠦ᠂ ᠡᠬᠢ ᠪᠠᠶᠠᠯᠢᠭ ᠪᠠ ᠡᠳ᠋ ᠬᠥᠷᠥᠩᠭᠡ ᠶᠢ | ᠬᠠᠤᠯᠢ ᠶᠣᠰᠣᠭᠠᠷ ᠬᠠᠮᠠᠭᠠᠯᠠᠬᠤ ᠪᠠ ᠵᠦᠶ ᠵᠣᠬᠢᠰᠲᠠᠶ ᠬᠡᠷᠡᠭᠯᠡᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ᠂ ᠮᠠᠯᠴᠢᠨ | ᠲᠠᠷᠢᠶᠠᠴᠢᠨ ᠤ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠰᠠᠭᠤᠷᠢ ᠪᠠᠲᠤᠯᠠᠭ᠎ᠠ ᠶᠢ ᠪᠠᠬᠢᠵᠢᠭᠦᠯᠦᠨ᠎ᠡ᠃ |