| | | 3 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠰᠤᠳᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠣᠶᠢᠷ᠎ᠠ ᠶᠢᠨ ᠵᠢᠯ ᠳᠤ ᠪᠦᠭᠦ ᠣᠷᠣᠨ ᠤ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ | ᠪᠢᠳᠡᠨ ᠤ ᠠᠵᠢᠯ ᠤᠨ ᠰᠡᠳᠬᠢᠮᠵᠢ ᠪᠣᠯᠣᠨ ᠡᠭᠦᠷᠭᠡ ᠴᠥᠮ ᠮᠠᠰᠢ ᠲᠣᠳᠣᠷᠬᠠᠢ ᠶᠤᠮ᠂ ᠨᠢᠭᠡᠨᠲᠡ ᠲᠣᠭᠲᠠᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠵᠢᠭᠠᠭᠰᠠᠨ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠲᠦᠷᠭᠡᠨ ᠬᠢᠵᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠴᠠᠭ ᠢ ᠠᠮᠵᠢᠨ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠦᠷᠭᠡᠨ ᠬᠢᠵᠦ ᠴᠢᠳᠠᠪᠠᠯ ᠲᠦᠷᠭᠡᠨ ᠬᠢᠵᠦ᠂ ᠢᠯᠡᠭᠦᠦ ᠬᠢᠵᠦ ᠴᠢᠳᠠᠪᠠᠯ ᠢᠯᠡᠭᠦᠦ ᠬᠢᠬᠦ ᠬᠡᠷᠡᠭᠲᠡᠢ᠃ ᠪᠣᠳᠠᠲᠠᠢ ᠠᠰᠠᠭᠤᠳᠠᠯ ᠢ | ᠰᠤᠳᠤᠯᠤᠨ ᠰᠢᠢᠳᠪᠦᠷᠢᠯᠡᠵᠦ᠂ ᠤᠶᠤᠨ ᠴᠢᠳᠠᠯ ᠢᠶᠠᠨ ᠪᠣᠳᠠᠲᠤ ᠶᠠᠪᠤᠳᠠᠯ ᠬᠢᠬᠦ ᠳᠡᠭᠡᠷ᠎ᠡ ᠲᠠᠯᠪᠢᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠨ᠂ | ᠵᠣᠷᠢᠭᠲᠠᠢ ᠲᠤᠷᠰᠢᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠵᠦ᠂ ᠪᠠᠶᠢᠭᠤᠯᠤᠯ ᠲᠣᠭᠲᠠᠴᠠ ᠶᠢᠨ ᠬᠦᠴᠦᠨ ᠳᠤ ᠲᠦᠰᠢᠭᠯᠡᠨ ᠬᠦᠴᠢᠷ ᠠᠰᠠᠭᠤᠳᠠᠯ ᠢ | ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠡᠭᠦᠷᠭᠡ᠂ ᠬᠦᠴᠦᠨ᠂ ᠴᠠᠭ ᠤᠨ ᠳᠠᠷᠠᠭᠠᠯᠠᠯ ᠢ ᠰᠠᠶᠢᠲᠤᠷ ᠪᠠᠶᠢᠷᠢᠯᠠᠭᠤᠯᠵᠤ᠂ ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ | ᠣᠯᠬᠤ ᠪᠠᠷ ᠴᠢᠷᠮᠠᠶᠢᠬᠤ ᠬᠡᠷᠡᠭᠲᠡᠢ᠃ ᠲᠦᠷᠭᠡᠨ ᠦᠷ᠎ᠡ ᠪᠦᠲᠦᠮᠵᠢ ᠣᠯᠵᠤ ᠤᠯᠠᠨ ᠦᠷ᠎ᠡ ᠪᠦᠲᠦᠮᠵᠢ ᠣᠯᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ | ᠰᠢᠪᠲᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠂ ᠰᠢᠨ᠎ᠡ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠬᠥᠮᠥᠰ ᠢ | ᠵᠣᠷᠢᠭᠵᠢᠭᠤᠯᠬᠤ᠂ ᠡᠷᠴᠢ ᠵᠣᠷᠢᠭ ᠢ ᠬᠥᠪᠴᠢᠯᠡᠬᠦ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠤᠢ ᠪᠣᠯᠭᠠᠨ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ᠃ | ᠮᠤᠵᠢ ᠶᠢᠨ ᠱᠠᠲᠤᠨ ᠤ ᠤᠳᠤᠷᠢᠳᠬᠤ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ︽ᠪᠣᠳᠠᠲᠠᠢ ᠠᠵᠢᠯᠯᠠᠬᠤ ᠠᠩᠭᠢ ᠶᠢᠨ ᠳᠠᠷᠤᠭ᠎ᠠ︾ ᠪᠣᠯᠵᠤ᠂ ᠳᠣᠷᠣᠭᠰᠢ ᠪᠠᠭᠤᠨ ᠭᠦᠨᠵᠡᠭᠡᠶᠢᠷᠡᠵᠦ ᠪᠣᠳᠠᠲᠤ ᠪᠠᠶᠢᠳᠠᠯ ᠢ ᠪᠠᠶᠢᠴᠠᠭᠠᠨ᠂ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠷᠢᠨ ᠬᠢᠨᠠᠮᠠᠭᠠᠢ ᠪᠠᠶᠢᠬᠤ ᠵᠣᠷᠢᠭ ᠰᠠᠨᠠᠭ᠎ᠠ ᠪᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠡᠯ᠎ᠡ ᠵᠦᠢᠯ ᠤᠨ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠬᠢᠨ ᠨᠠᠷᠢᠨ ᠬᠢᠨᠠᠮᠠᠭᠠᠢ ᠠᠵᠢᠯᠯᠠᠵᠤ | ᠦᠢᠯᠡᠰ ᠪᠣᠰᠬᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠦᠶ᠋ᠯᠡ ᠠᠵᠢᠯᠯᠠᠭ᠎ᠠ ᠳᠤ ᠴᠣᠬᠢᠯᠲᠠ | ᠥᠭᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠣᠷᠣᠨ ᠳᠠᠶᠠᠭᠠᠷ ᠤᠨ ᠬᠦᠴᠦᠨ ᠢ ᠳᠠᠶᠢᠴᠢᠯᠠᠨ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ | ᠬᠤᠷᠢᠭᠯᠠᠬᠤ ᠨᠢᠭᠡᠨ ᠤᠳᠠᠭ᠎ᠠ ᠶᠢᠨ ᠶᠡᠷᠦᠩᠬᠡᠢ ᠳᠠᠶᠢᠯᠠᠯᠳᠤᠭᠠᠨ ᠬᠢᠵᠦ᠂ ᠭᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠰᠠᠶᠢᠲᠤᠷ ᠪᠠᠬᠢᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠰᠠᠶᠢᠲᠤᠷ ᠪᠠᠲᠤ | ᠴᠣᠭᠴᠠᠯᠠᠬᠤ ᠬᠡᠷᠡᠭᠲᠡᠢ᠃ ᠨᠢᠭᠡ ᠳᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠥᠮᠥᠨ ᠤ ᠬᠦᠴᠦ ᠪᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠦᠨ ᠮᠡᠳᠡᠭᠦᠯᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠳᠠᠭᠠᠭᠤᠯᠢ ᠣᠳᠣᠨ ᠤ | ᠠᠯᠤᠰ ᠰᠡᠷᠡᠯ ᠵᠡᠷᠭᠡ ᠠᠷᠭ᠎ᠠ ᠪᠠᠷᠢᠯ ᠤᠨ ᠦᠢᠯᠡᠳᠦᠯ ᠢ ᠪᠠᠳᠠᠷᠠᠭᠤᠯᠵᠤ᠂ ︽ᠴᠢᠬᠢ ᠰᠣᠷᠭᠤᠭ ᠨᠢᠳᠦ ᠭᠢᠷᠠᠬᠠᠢ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠬᠤᠶᠠᠷ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠰᠠᠯᠠᠭ᠎ᠠ ᠮᠥᠴᠢᠷ ᠤᠨ ᠵᠤᠯᠭᠠᠯᠴᠠᠨ ᠬᠤᠯᠪᠤᠭᠠᠯᠠᠨ | ᠬᠥᠲᠥᠯᠥᠯᠴᠡᠬᠦ ᠶᠢ ᠴᠢᠩᠭᠠᠳᠬᠠᠵᠤ᠂ ᠰᠢᠨ᠎ᠡ ᠢᠯᠡᠷᠡᠭᠦᠯᠦᠭᠰᠡᠨ ᠠᠰᠠᠭᠤᠳᠠᠯ ᠢᠯᠡᠷᠡᠮᠡᠭᠴᠡ ᠳᠠᠷᠤᠢ ᠴᠣᠬᠢᠯᠲᠠ ᠥᠭᠴᠦ᠂ ᠬᠠᠤᠯᠢ ᠶᠣᠰᠣᠭᠠᠷ ᠬᠦᠴᠦᠲᠡᠢ ᠴᠣᠬᠢᠯᠲᠠ | ᠥᠭᠬᠦ ᠬᠡᠷᠡᠭᠲᠡᠢ᠂ ᠢᠯᠠᠩᠭᠤᠶ᠎ᠠ ᠶᠡᠭᠡ ᠬᠡᠪᠴᠢᠶ᠎ᠡ ᠪᠠᠷ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ᠂ ᠣᠯᠠᠨᠲᠠ ᠵᠠᠯᠠᠷᠠᠭᠤᠯᠤᠭᠰᠠᠨ ᠴᠤ ᠦᠷᠭᠦᠯᠵᠢᠯᠡᠨ | ᠶᠠᠯ᠎ᠠ ᠬᠢᠭᠰᠡᠳ᠂ ᠥᠰᠢᠯᠳᠦᠨ ᠬᠡᠷᠡᠭ ᠦᠢᠯᠡᠳᠦᠭᠰᠡᠳ ᠢ ᠬᠦᠨᠳᠦ ᠪᠠᠷ ᠰᠢᠢᠳᠬᠡᠨ ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠰᠡᠷᠡᠮᠵᠢᠯᠡᠭᠦᠯᠦᠨ ᠰᠦᠷᠳᠡᠭᠦᠯᠬᠦ ᠪᠠᠨ | ᠴᠢᠩᠭᠠᠳᠬᠠᠵᠤ᠂ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠪᠦᠭᠦᠨ ᠢ ᠤᠢ ᠰᠢᠭᠤᠢ᠂ ᠨᠤᠲᠤᠭ ᠪᠡᠯᠴᠢᠭᠡᠷ ᠲᠠᠢ ᠬᠠᠯᠳᠠᠬᠤ ᠵᠣᠷᠢᠭ | ᠦᠭᠡᠢ ᠪᠤᠯᠭᠠᠬᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠳᠥᠷᠪᠡ ᠳᠤ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠤᠢ ᠰᠢᠭᠤᠢ ᠨᠤᠲᠤᠭ | ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠳᠣᠷᠣᠭᠰᠢ | ᠪᠠᠭᠤᠯᠭᠠᠬᠤ ᠶᠢ ᠵᠣᠬᠢᠰᠲᠠᠢ ᠠᠬᠢᠭᠤᠯᠬᠤ ᠬᠡᠷᠡᠭᠲᠡᠢ᠃ ᠲᠠᠪᠤ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠬᠠᠮᠲᠤ ᠪᠠᠷ ᠬᠥᠳᠡᠯᠦᠯᠴᠡᠵᠦ ᠶᠡᠷᠦᠩᠬᠡᠢ | ᠳᠠᠶᠢᠯᠠᠯᠳᠤᠭᠠᠨ ᠢ ᠰᠠᠶᠢᠲᠤᠷ ᠬᠢᠵᠦ᠂ ᠠᠵᠢᠯ ᠦᠯᠦ ᠬᠢᠬᠦ᠂ ᠤᠳᠠᠭᠠᠨ ᠬᠢᠬᠦ ᠪᠠᠶᠢᠳᠠᠯ ᠢᠯᠡᠷᠡᠪᠡᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |