| | | | ᠡᠨᠡ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠶᠢᠨ ᠲᠥᠯᠥᠭᠡ᠂ ᠵᠢᠷᠭᠠᠯ ᠵᠠᠮ ᠤᠨ ᠲᠠᠷᠢᠶᠠᠴᠢᠳ ᠲᠠᠷᠢᠶᠠᠯᠠᠩ ᠤᠨ ᠴᠠᠭ ᠢ ᠠᠮᠵᠢᠨ᠂ | ︽ᠡᠷᠲᠡ︾ ᠶᠢ ᠲᠡᠷᠢᠭᠦᠨ ᠳᠤ ᠲᠠᠯᠪᠢᠵᠤ᠂ ᠠᠭᠤᠷ ᠠᠮᠢᠰᠬᠤᠯ ᠳᠤᠯᠠᠭᠠᠷᠠᠵᠤ᠂ ᠬᠥᠷᠥᠰᠥ ᠰᠢᠷᠣᠶ ᠭᠡᠰᠬᠦ ᠪᠠᠶᠢᠭ᠎ᠠ ᠴᠠᠭ ᠲᠣᠬᠢᠶᠠᠯ ᠢ ᠠᠮᠵᠢᠨ ᠬᠠᠪᠤᠷ ᠤᠨ | ᠲᠠᠷᠢᠶᠠᠯᠠᠭ᠎ᠠ ᠶᠢᠨ ︽ᠠᠩᠬᠠᠨ ᠤ ᠠᠨᠵᠢᠰᠤ︾ ᠶᠢ ᠤᠷᠢᠳᠠᠪᠠᠷ ᠡᠬᠢᠯᠡᠭᠦᠯᠵᠦ᠂ ᠰᠢᠨ᠎ᠡ ᠨᠢᠭᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠳᠤ ᠰᠠᠶᠢᠨ ᠰᠠᠭᠤᠷᠢ | ᠲᠠᠯᠪᠢᠭᠰᠠᠨ ᠪᠠᠶᠢᠨ᠎ᠠ᠃ | ᠲᠠᠷᠢᠶᠠᠯᠠᠩ ᠤᠨ ᠮᠠᠰᠢᠨᠴᠢ ᠨᠠᠷ ᠳᠤᠮᠤ ᠬᠡᠯᠪᠡᠷᠢ ᠶᠢᠨ ᠮᠧᠬᠠᠨᠢᠭᠵᠢᠭᠰᠠᠨ ᠮᠠᠰᠢᠨ ᠢ ᠬᠡᠷᠡᠭᠯᠡᠨ ᠲᠠᠷᠢᠶᠠᠨ ᠳᠤ ᠠᠵᠢᠯᠯᠠᠭᠰᠠᠨ ᠠᠴᠠ ᠪᠤᠯᠵᠤ ᠬᠦᠳᠡᠯᠮᠦᠷᠢ ᠬᠦᠴᠦ | ᠭᠦᠢᠴᠡᠳ ᠦᠷ᠎ᠡ ᠪᠦᠲᠦᠮᠵᠢ ᠥᠨᠳᠥᠷ ᠪᠠᠶᠢᠵᠤ᠂ ᠬᠥᠮᠦᠨ ᠤ ᠬᠦᠴᠦ ᠶᠢ ᠶᠡᠭᠡ ᠪᠠᠷ ᠠᠷᠪᠢᠯᠠᠪᠠ᠃ ᠣᠶᠢᠯᠠᠭᠠᠭᠰᠠᠨ ᠢᠶᠠᠷ᠂ ᠵᠢᠷᠭᠠᠯ ᠵᠠᠮ ᠰᠤᠮᠤ ᠶᠢᠨ ᠬᠢᠨ | ᠲᠠᠷᠢᠶᠠᠯᠠᠩ ᠤᠨ ᠮᠠᠰᠢᠨ ᠤ ᠬᠤᠷᠰᠢᠶ᠎ᠠ ᠪᠠᠷ ᠰᠢᠨ᠎ᠡ ᠬᠥᠳᠡᠯᠭᠡᠭᠦᠷ ᠪᠣᠯᠭᠠᠵᠤ᠂ ︽ᠪᠥᠬᠦ ᠶᠠᠪᠤᠴᠠ ᠶᠢᠨ ᠮᠠᠰᠢᠨᠴᠢᠯᠠᠯᠲᠠ + ᠶᠡᠷᠦᠩᠬᠡᠶᠢᠯᠡᠭᠰᠡᠨ ᠲᠠᠷᠢᠶᠠᠯᠠᠩ ᠤᠨ | ᠦᠢᠯᠡᠴᠢᠯᠡᠭᠡ︾ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠤ᠂ ᠬᠠᠪᠤᠷ ᠤᠨ ᠲᠠᠷᠢᠶᠠᠯᠠᠭ᠎ᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ | ᠨᠡᠮᠡᠷᠢᠯᠡᠵᠦ᠂ ᠲᠠᠷᠢᠶᠠᠯᠠᠩ ᠤᠨ ᠣᠳᠣᠬᠢᠴᠢᠯᠠᠯᠲᠠ ᠶᠢᠨ ᠰᠠᠭᠤᠷᠢ ᠥᠩᠭᠡ ᠶᠢ ᠭᠡᠷᠡᠯᠲᠦᠭᠦᠯᠪᠡ᠃ | ᠣᠳᠣᠬᠠᠨ ᠳᠤ᠂ ᠵᠢᠷᠭᠠᠯ ᠤᠨ ᠵᠠᠮ ᠰᠤᠮᠤ ᠨᠢᠭᠡᠨᠲᠡ ᠠᠩᠬ᠎ᠠ ᠠᠯᠬᠤᠮ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠣᠷᠣᠵᠤ᠂ ᠬᠦᠷᠦᠰᠤ ᠰᠢᠷᠣᠶ ᠶᠢᠨ | ᠤᠷᠪᠠᠭᠤᠯᠤᠭᠰᠠᠨ ᠨᠣᠷᠮ᠎ᠠ 20% ᠳᠤ ᠬᠦᠷᠴᠦ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠶᠠᠭ ᠲᠠᠷᠢᠶᠠᠯᠠᠩ ᠤᠨ ᠪᠣᠷᠳᠣᠭᠤᠷ ᠢ ᠠᠭᠤᠯᠠᠨ ᠳᠤ ᠭᠠᠷᠭᠠᠬᠤ᠂ | ᠰᠢᠮᠡᠲᠦ ᠬᠦᠷᠦᠰᠦ ᠴᠤᠭᠯᠠᠭᠤᠯᠬᠤ ᠵᠡᠷᠭᠡ ᠲᠠᠷᠢᠶᠠᠯᠠᠩ ᠤᠨ ᠠᠵᠢᠯᠯᠠᠭ᠎ᠠ ᠶᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠬᠦᠢᠴᠡᠳ ᠪᠡᠯᠡᠳᠬᠡᠯ ᠬᠢᠵᠦ | ᠪᠠᠶᠢᠨ᠎ᠠ᠃ | ᠵᠠᠯᠭᠠᠭᠠᠳ᠂ ᠵᠢᠷᠭᠠᠯ ᠤᠨ ᠵᠠᠮ ᠰᠤᠮᠤ ᠶᠢᠨ ᠬᠢᠨ ᠦᠷᠭᠦᠯᠵᠢᠯᠡᠨ ᠬᠦᠴᠦᠯᠡᠵᠦ᠂ ᠲᠠᠷᠢᠶᠠᠯᠠᠩ ᠢ ᠬᠦᠴᠦᠷᠭᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ᠂ ᠲᠠᠷᠢᠶᠠᠯᠠᠩ ᠤᠨ ᠮᠠᠰᠢᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠬᠡᠷᠡᠭᠯᠡᠭᠡᠨ ᠤ ᠮᠡᠷᠭᠡᠵᠢᠯ ᠤᠨ ᠲᠠᠶᠢᠯᠤᠮᠵᠢ ᠵᠡᠷᠭᠡ ᠲᠠᠯ᠎ᠠ ᠶᠢᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠶᠢᠨ ᠬᠠᠮᠲᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ |