ᠲᠠᠷᠬᠠᠨ ᠵᠡᠭᠡᠯᠢ ᠭᠤᠳᠤᠮᠵᠢ ᠶᠢᠨ ᠭᠤᠸᠠᠩ ᠮᠢᠩ ᠲᠤᠭᠤᠷᠢᠭ ︽ᠭᠤᠷᠪᠠ ᠶᠢ ᠨᠢᠭᠡ ᠴᠣᠭᠴᠠᠵᠢᠭᠤᠯᠬᠤ︾ ᠤᠨᠤᠯ ᠤᠨ ᠤᠬᠠᠭᠤᠯᠭ᠎ᠠ ᠲᠠᠶᠢᠯᠪᠤᠷᠢᠯᠠᠯᠲᠠ ᠨᠢ ᠨᠡᠶᠢᠭᠡᠮ ᠲᠣᠭᠤᠷᠢᠭ ᠤᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠠᠬᠢᠭ᠋᠊
ᠨᠡᠶᠢᠲᠡᠯᠡᠭᠰᠡᠨ ᠴᠠᠭ᠄
2025/4/9
        ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠦᠢᠯᠡᠳᠦᠯᠭᠡ ᠳᠤᠮᠳᠠ᠂ ᠳᠠᠷᠬᠠᠨ ᠵᠡᠭᠡᠯᠢ ᠭᠤᠳᠤᠮᠵᠢ ᠶᠢᠨ  ᠭᠤᠸᠠᠩ ᠮᠢᠩ ᠨᠡᠶᠢᠭᠡᠮ ᠲᠣᠭᠤᠷᠢᠭ ︽ᠲᠦᠷᠦ ᠶᠢᠨ ᠪᠣᠳᠣᠯᠭ᠎ᠠ ᠶᠢᠨ ᠲᠠᠶᠢᠯᠤᠮᠵᠢ + ᠦᠯᠢᠭᠡᠷ ᠤᠨ ᠲᠠᠶᠢᠯᠪᠤᠷᠢᠯᠠᠯᠲᠠ + ᠤᠳᠬ᠎ᠠ ᠤᠷᠠᠯᠢᠭ ᠤᠨ ᠳᠡᠯᠭᠡᠷᠡᠭᠦᠯᠦᠯᠲᠡ ︾ ᠭᠤᠷᠪᠠ ᠶᠢ ᠨᠢᠭᠡ ᠴᠣᠭᠴᠠᠵᠢᠭᠤᠯᠤᠭᠰᠠᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠢᠰᠲ᠋ᠧᠮ ᠢ ᠪᠠᠶᠢᠭᠤᠯᠵᠤ᠂ ︽ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ᠂ ᠬᠡᠯᠪᠡᠷᠢ ᠶᠢ ᠦᠷᠭᠦᠯᠵᠢᠯᠡᠨ ᠰᠢᠨ᠎ᠡ ᠶᠢ ᠡᠭᠦᠳᠬᠦ᠂ ᠡᠬᠢ ᠪᠠᠶᠠᠯᠢᠭ ᠢ ᠭᠦᠨᠵᠡᠭᠡᠢ ᠨᠡᠶᠢᠳᠬᠡᠬᠦ︾ ᠪᠢᠲᠡᠭᠦᠦ ᠠᠵᠢᠯᠯᠠᠭᠠᠨ ᠤ ᠲᠣᠭᠲᠠᠴᠠ ᠪᠠᠷ ᠳᠠᠮᠵᠢᠭᠤᠯᠵᠤ᠂ ᠦᠨᠳᠦᠰᠦᠨ ᠱᠠᠲᠤᠨ ᠤ ᠤᠨᠤᠯ ᠢᠶᠠᠷ ᠵᠡᠪᠰᠡᠭᠯᠡᠬᠦ ︽ᠡᠴᠦᠰ ᠤᠨ ᠨᠢᠭᠡ ᠺᠢᠯᠣᠮᠧᠲᠷ︾᠎ ᠤᠨ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃        ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ ᠬᠠᠯᠠᠭᠤᠨ ᠳᠤᠯᠠᠭᠠᠨ ᠤᠬᠠᠭᠤᠯᠤᠨ ᠲᠠᠶᠢᠯᠪᠤᠷᠢᠯᠠᠬᠤ ᠰᠢᠰᠲ᠋ᠧᠮ ᠢ ᠪᠠᠶᠢᠭᠤᠯᠪᠠ        ︽ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ᠂ ᠦᠢᠯᠡᠴᠢᠯᠡᠭᠡᠨ ᠤ ᠨᠠᠷᠢᠨ ᠲᠠᠩᠰᠠ᠂ ᠬᠠᠷᠢᠭᠤ ᠲᠤᠰᠬᠠᠬᠤ ᠨᠠᠷᠢᠨ ᠲᠠᠩᠰᠠ︾᠎ ᠶᠢᠨ ᠠᠵᠢᠯ ᠤᠨ ᠲᠣᠭᠲᠠᠴᠠ ᠶᠢ ᠪᠠᠶᠢᠭᠤᠯᠬᠤ᠂ ᠲᠤᠤᠷᠵᠢᠯ ᠤᠨ ᠠᠵᠢᠯᠲᠠᠨ ᠰᠤᠷᠪᠤᠯᠵᠢᠯᠠᠬᠤ᠂ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠲᠠᠭᠯᠠᠬᠤ᠂ ᠰᠠᠭᠤᠭᠠᠯᠢ ᠠᠷᠠᠳ ᠤᠨ ᠸᠢᠴᠠᠲ ᠪᠠᠷ ᠬᠠᠷᠢᠭᠤ ᠲᠤᠰᠬᠠᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠠᠳᠠᠯᠢ ᠪᠤᠰᠤ ᠪᠦᠯᠬᠦᠮ ᠨᠡᠶᠢᠳᠠ ᠶᠢᠨ ᠮᠡᠳᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠢᠯᠭᠠᠨ ᠲᠠᠨᠢᠨ᠎ᠠ᠃ ᠨᠠᠰᠤᠲᠠᠶᠢᠴᠤᠳ ᠲᠤ ᠬᠠᠨᠳᠤᠭᠤᠯᠤᠨ ︽ᠨᠠᠰᠤᠳᠠᠶᠢᠴᠤᠳ ᠤᠨ ᠬᠠᠯᠠᠮᠵᠢᠯᠠᠯ ᠤᠨ ᠲᠥᠯᠥᠪᠯᠡᠭᠡ︾᠎ ᠶᠢ ᠬᠡᠷᠡᠭᠵᠢᠭᠦᠯᠵᠦ᠂ ︽ᠨᠡᠭᠦᠳᠡᠯ ᠤᠬᠠᠭᠤᠯᠤᠨ ᠲᠠᠶᠢᠯᠪᠤᠷᠢᠯᠠᠯᠲᠠ︾᠎ ᠪᠠᠷ ᠳᠠᠮᠵᠢᠭᠤᠯᠤᠨ ᠡᠷᠦᠬᠡ ᠳᠤ ᠣᠷᠣᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠮᠡᠬᠡᠯᠡᠯ ᠢ ᠡᠰᠡᠷᠭᠦᠴᠡᠬᠦ ᠮᠡᠳᠡᠯᠭᠡ ᠶᠢ ᠲᠠᠶᠢᠯᠪᠤᠷᠢᠯᠠᠪᠡ︔ ᠠᠮᠢᠳᠤᠯᠢᠭ ᠢᠶᠠᠷ ᠠᠵᠢᠯ ᠣᠯᠣᠭᠰᠠᠳ ᠤᠨ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠨᠡᠪᠲᠡᠷᠡᠭᠦᠯᠬᠦ ᠳᠤ ᠴᠢᠭᠯᠡᠭᠦᠯᠦᠨ᠂ ᠠᠵᠢᠯ ᠣᠯᠭᠤᠬᠤ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ  ᠪᠤᠯᠪᠠᠰᠤᠷᠠᠯ ᠢ ᠥᠷᠨᠢᠭᠦᠯᠦᠨ᠎ᠡ︔ ᠡᠬᠡᠴᠦᠦᠯ ᠲᠤ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠵᠣᠬᠢᠶᠠᠨ ᠪᠠᠶᠢᠭᠤᠯᠵᠤ᠂ ᠭᠡᠷ ᠪᠦᠯᠢ ᠶᠢᠨ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠵᠤ ᠥᠭᠭᠦᠨ᠎ᠡ᠃ ᠵᠢᠯ ᠤᠨ ᠡᠬᠢᠨ ᠠᠴᠠ ᠨᠠᠰᠢ᠂ ᠰᠠᠭᠤᠭᠠᠯᠢ ᠠᠷᠠᠳ ᠤᠨ 30 ᠭᠠᠷᠤᠢ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠣᠨᠣᠯ ᠤᠨ ᠳᠠᠮᠵᠢᠭᠤᠯᠭ᠎ᠠ ᠪᠠ ᠦᠢᠯᠡᠳᠦᠯᠭᠡ ᠶᠢᠨ ᠦᠢᠯᠡᠴᠢᠯᠡᠭᠡ ᠶᠢᠨ ᠣᠷᠭᠠᠨᠢᠭ ᠨᠢᠭᠡᠳᠦᠯ ᠢ ᠪᠡᠶᠡᠯᠡᠭᠦᠯᠪᠡ᠃         ᠤᠯᠠᠨ ᠬᠡᠮᠵᠢᠯᠲᠦ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠢ ᠪᠠᠶᠢᠭᠤᠯᠵᠤ ᠰᠣᠶᠣᠯ ᠤᠨ ᠳᠠᠮᠵᠢᠭᠤᠯᠭ᠎ᠠ ᠶᠢᠨ ᠰᠢᠨ᠎ᠡ ᠪᠠᠶᠢᠷᠢ ᠶᠢᠨ ᠡᠨᠧᠷᠭᠢ ᠶᠢ ᠬᠦᠭᠵᠢᠭᠡᠪᠡ        ︽ᠰᠦᠯᠵᠢᠶᠡᠨ ᠠᠴᠠ ᠭᠠᠳᠠᠭᠤᠷᠬᠢ ᠵᠢᠪᠦᠮᠡᠯ ᠮᠠᠶ᠋ᠢᠭ ᠤᠨ + ᠰᠦᠯᠵᠢᠶᠡᠨ ᠳᠡᠭᠡᠷᠡᠬᠢ ᠡᠭᠦᠯᠡᠨ ᠳᠠᠮᠵᠢᠭᠤᠯᠭ᠎ᠠ︾᠎ ᠶᠢᠨ ᠬᠤᠣᠰ ᠬᠦᠷᠳᠦ ᠪᠠᠷ ᠬᠥᠳᠡᠯᠭᠡᠬᠦ ᠪᠠᠶᠢᠷᠢᠰᠢᠯ ᠢ ᠪᠤᠢ ᠪᠣᠯᠭᠠᠨ᠎ᠠ᠃ ᠰᠦᠯᠵᠢᠶᠡᠨ ᠳᠡᠭᠡᠷ᠎ᠡ ᠬᠠᠮᠤᠭ ᠤᠨ ᠰᠢᠨ᠎ᠡ ᠣᠨᠣᠯ ᠤᠨ ᠮᠡᠳᠡᠯᠭᠡ ᠵᠢᠴᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠳᠠᠮᠵᠢᠭᠤᠯᠤᠨ ᠲᠠᠷᠬᠠᠭᠠᠵᠤ᠂ ᠰᠠᠭᠤᠭᠠᠯᠢ ᠠᠷᠠᠳ ᠤᠨ ᠣᠨᠣᠯ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠷᠭᠡᠨ ᠭᠥᠯᠢᠶᠡᠨ ᠠᠪᠬᠤ ᠳᠤ ᠰᠦᠯᠵᠢᠶᠡᠨ ᠤ ᠭᠠᠳᠠᠨ᠎ᠠ ︽ᠪᠠᠭ᠎ᠠ ᠬᠦᠷᠢᠶᠡᠯᠡᠩ ᠤᠨ ᠬᠡᠷᠡᠭ ᠵᠥᠪᠯᠡᠬᠦ︾ ︽ᠰᠠᠭᠤᠭᠠᠯᠢ ᠠᠷᠠᠳ ᠤᠨ ᠥᠯᠢᠭᠡᠷ ᠢ ᠬᠤᠪᠢᠶᠠᠯᠴᠠᠨ ᠡᠳ᠋ᠯᠡᠬᠦ ᠴᠤᠭᠯᠠᠭᠠᠨ︾ ᠵᠡᠷᠭᠡ ᠣᠨᠴᠠᠯᠢᠭᠲᠤ ᠦᠵᠡᠭᠳᠡᠯ ᠢ ᠪᠣᠶ ᠪᠣᠯᠭᠠᠵᠤ᠂ ︽ᠤᠳᠬ᠎ᠠ ᠤᠷᠠᠯᠢᠭ ᠢ ᠬᠥᠳᠡᠭᠡ ᠪᠠᠭᠤᠯᠭᠠᠬᠤ︾᠂ ᠤᠯᠠᠭᠠᠨᠮᠥ᠋ᠴᠢᠷ ᠤᠨ ᠲᠣᠭᠯᠠᠯᠲᠠ ᠵᠡᠷᠭᠡ ᠤᠷᠠᠨ ᠰᠠᠶᠢᠬᠠᠨ ᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠶᠢ ᠪᠠᠶᠠᠷ ᠴᠡᠩᠭᠡᠯ ᠤᠨ ᠳᠤᠮᠳᠠ ᠬᠥᠮᠦᠵᠢᠯ ᠬᠦᠷᠲᠡᠭᠡᠬᠦ ᠠᠷᠭ᠎ᠠ ᠮᠠᠶ᠋ᠢᠭ ᠢᠶᠠᠷ ᠣᠯᠠᠨ ᠲᠦᠮᠡᠨ ᠤ ᠳᠤᠮᠳᠠ ᠭᠦᠨᠵᠡᠭᠡᠶᠢᠷᠡᠭᠦᠯᠦᠨ᠎ᠡ᠃ ᠡᠭᠦᠨ ᠤ ᠬᠠᠮᠲᠤ᠂ ᠰᠠᠶᠢᠨ ᠳᠤᠷ᠎ᠠ ᠶᠢᠨ ᠠᠵᠢᠯᠯᠠᠭᠴᠢ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠠᠬᠠᠮᠠᠳ ᠨᠠᠮ ᠤᠨ ᠭᠡᠰᠢᠭᠦᠨ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠤᠨ ᠳᠤᠮᠳᠠ ᠠᠴᠠ ᠤᠯᠠᠨ ᠲᠦᠮᠡᠨ ᠤ ᠤᠬᠠᠭᠤᠯᠤᠨ ᠲᠠᠶᠢᠯᠪᠤᠷᠢᠯᠠᠭᠴᠢ ᠶᠢ ᠠᠭᠤᠳᠠᠯᠵᠤ᠂ ᠳᠡᠷᠭᠡᠳᠡᠬᠢ ᠬᠥᠮᠥᠰ ᠤᠨ ᠳᠡᠷᠭᠡᠳᠡᠬᠢ ᠶᠠᠪᠤᠳᠠᠯ ᠢᠶᠠᠨ ᠶᠠᠷᠢᠬᠤ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠠᠮᠲᠤ ᠪᠠᠷ ᠪᠠᠶᠢᠭᠤᠯᠤᠨ᠎ᠠ᠃          ᠬᠠᠮᠵᠢᠯᠴᠠᠨ ᠵᠠᠰᠠᠬᠤ ᠠᠮᠢ ᠠᠬᠤᠢ ᠶᠢ ᠪᠠᠶᠢᠭᠤᠯᠬᠤ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠰᠢᠨ᠎ᠡ ᠵᠢᠷᠤᠭ ᠲᠥᠰᠥᠪ ᠢ ᠵᠢᠷᠤᠭᠯᠠᠪᠠ         ᠬᠠᠷᠢᠶᠠᠳᠤ ᠣᠷᠣᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠬᠠᠮᠲᠤ ᠪᠠᠷ ᠪᠠᠶᠢᠭᠤᠯᠬᠤ ᠨᠢᠭᠡᠴᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠶᠤᠨ ᠤ ᠬᠥᠮᠥᠷᠭᠡ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ︾᠎ ᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ ᠵᠡᠷᠭᠡ ᠡᠯ᠎ᠡ ᠲᠦᠷᠦᠯ ᠤᠨ ᠲᠠᠶᠢᠯᠤᠮᠵᠢ ᠶᠢᠨ ᠠᠵᠢᠯᠯᠠᠭ᠎ᠠ ᠶᠢ 4 ᠲᠠᠯᠠᠪᠤᠷ ᠥᠷᠨᠢᠭᠦᠯᠪᠡ᠃ ︽ᠨᠡᠶᠢᠭᠡᠮ ᠲᠣᠭᠤᠷᠢᠭ ᠤᠨ ᠦᠨᠡᠨᠴᠢ ᠢᠲᠡᠭᠡᠮᠵᠢ ᠶᠢᠨ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ︾ ᠵᠡᠷᠭᠡ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ︽ᠨᠡᠶᠢᠭᠡᠮ ᠲᠣᠭᠤᠷᠢᠭ ᠤᠨ ᠬᠠᠮᠢᠶᠠᠷᠤᠭᠴᠢ︾᠎ ᠶᠢᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠵᠤ᠂ ᠰᠠᠭᠤᠭᠠᠯᠢ ᠠᠷᠠᠳ ᠢ ᠳᠠᠶᠢᠴᠢᠯᠠᠨ ᠨᠡᠶᠢᠭᠡᠮ ᠲᠣᠭᠤᠷᠢᠭ ᠤᠨ ᠵᠠᠰᠠᠯᠲᠠ ᠳᠤ ᠤᠷᠤᠯᠴᠠᠵᠤ᠂ ︽ᠰᠠᠨᠠᠭᠠᠴᠢᠯᠠᠭᠠᠲᠤ ᠪᠤᠰᠤ ᠰᠤᠷᠭᠠᠨ ᠬᠥᠮᠦᠵᠢᠯ︾᠎ ᠠᠴᠠ ︽ᠰᠠᠨᠠᠭᠠᠴᠢᠯᠠᠭ᠎ᠠ ᠠᠴᠠ ᠪᠠᠨ ᠣᠷᠣᠯᠴᠠᠬᠤ︾ ᠵᠠᠰᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠦᠨᠡᠨᠬᠦ  ᠪᠡᠶᠡᠯᠡᠭᠦᠯᠵᠠᠢ᠃         ᠳᠠᠷᠠᠭᠠᠴᠢ ᠶᠢᠨ ᠠᠯᠬᠤᠮ ᠳᠤ᠂  ᠭᠤᠸᠠᠩ ᠮᠢᠩ ᠨᠡᠶᠢᠭᠡᠮ ᠲᠣᠭᠤᠷᠢᠭ ᠤᠨᠤᠯ ᠤᠨ ᠤᠬᠠᠭᠤᠯᠤᠨ ᠲᠠᠶᠢᠯᠪᠤᠷᠢᠯᠠᠬᠤ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠰᠣᠶᠣᠯ ᠢ ᠬᠦᠴᠦᠯᠡᠨ ᠪᠣᠶᠢᠵᠢᠭᠤᠯᠵᠤ᠂ ︽ᠤᠨᠤᠯ ᠤᠨ ᠳᠠᠮᠵᠢᠭᠤᠯᠭ᠎ᠠ᠂ ᠪᠣᠯᠪᠠᠰᠤᠨ ᠤ ᠦᠢᠯᠡᠳᠦᠯᠭᠡ᠂ ᠵᠠᠰᠠᠯᠲᠠ ᠶᠢᠨ ᠰᠢᠨ᠎ᠡ ᠶᠢ ᠡᠭᠦᠳᠬᠦ︾ ᠭᠦᠨᠵᠡᠭᠡᠢ ᠠᠭᠤᠰᠤᠯᠴᠠᠭᠰᠠᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠬᠦ ᠦᠢᠯᠡᠳᠦᠯᠭᠡ ᠶᠢᠨ ᠲᠥᠰᠥᠯ ᠬᠠᠩᠭᠠᠨ᠎ᠠ᠃  
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ