︽ᠠᠨᠠᠷ ᠤᠨ ᠦᠷ᠎ᠡ ᠰᠡᠳᠬᠢᠯ ᠵᠢᠷᠦᠬᠡ ᠢᠶᠠᠨ ᠬᠤᠯᠪᠤᠬᠤ︾ ᠦᠨᠳᠦᠰᠦᠲᠡᠨ ᠤ ᠣᠨᠣᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠶᠠᠨᠬᠤᠰᠢᠭᠤ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/5/15
       5 ᠰᠠᠷ᠎ᠠ ᠶᠢᠨ 15᠎ ᠤ ᠡᠳᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠬᠡ ᠶᠢᠨ ᠦᠢᠯᠡᠴᠢᠯᠡᠬᠡᠨ ᠤ ᠲᠥᠪ ᠤᠨ ᠬᠠᠮᠲᠤᠷᠠᠨ ᠥᠷᠨᠢᠭᠦᠯᠦᠭᠰᠡᠨ ︽ᠠᠨᠠᠷ ᠤᠨ ᠦᠷ᠎ᠡ ᠰᠡᠳᠬᠢᠯ ᠵᠢᠷᠦᠬᠡ ᠪᠠᠨ ᠬᠤᠯᠪᠣᠬᠤ︾ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠶᠠᠨᠬᠤᠰᠢᠭᠤ ᠪᠠᠯᠭᠠᠰᠤᠨ ᠳᠤ ᠬᠦᠷᠴᠦ᠂ ᠭᠡᠰᠡᠷ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ︽ᠣᠴᠢ ᠠᠨᠠᠷ︾ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠭᠢ ᠤᠬᠠᠭᠤᠯᠤᠨ ᠲᠠᠶᠢᠯᠪᠤᠷᠢᠯᠠᠯᠳᠠ ᠬᠢᠪᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠣᠴᠢ ᠠᠨᠠᠷ︾ ᠤᠬᠠᠭᠤᠯᠤᠨ ᠲᠠᠶᠢᠯᠪᠤᠷᠢᠯᠠᠬᠤ ᠠᠩᠬᠢ ᠶᠢᠨ ᠬᠠᠷᠢᠭᠤᠴᠠᠯᠭᠠᠲᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠰᠤᠳᠠᠰᠤ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠠᠭ ᠦᠶ᠎ᠡ ᠶᠢᠨ ᠰᠡᠳᠦᠪ ᠢ  ᠭᠤᠶᠤ ᠰᠠᠶᠢᠬᠠᠨ ᠲᠠᠶᠢᠯᠪᠤᠷᠢᠯᠠᠪᠠ᠃ ᠭᠠᠵᠠᠷ ᠣᠷᠣᠨ ᠤ ᠪᠣᠳᠠᠲᠤ ᠪᠠᠶᠢᠳᠠᠯ᠂ ᠴᠠᠭ ᠤᠨ ᠪᠠᠶᠢᠳᠠᠯ ᠤᠯᠤᠰ ᠲᠥᠷᠥ ᠶᠢᠨ ᠠᠭᠤᠯᠭ᠎ᠠ ᠲᠠᠢ ᠤᠶᠠᠯᠳᠤᠭᠤᠯᠤᠨ᠂ ᠳᠦᠬᠦᠮ ᠦᠢᠯᠠᠭᠠᠮᠵᠢᠳᠠᠢ ᠦᠭᠡ ᠪᠠᠷ ᠤᠨᠤᠯ ᠪᠠ ᠦᠢᠯᠡᠳᠦᠯᠭᠡ ᠶᠢᠨ ᠬᠥᠭᠦᠷᠭᠡ ᠶᠢ ᠪᠠᠶᠢᠭᠤᠯᠤᠭᠰᠠᠨ ᠪᠠᠶᠢᠨ᠎ᠠ᠃ ᠲᠡᠦᠬᠡ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦ ᠵᠠᠶᠢᠯᠠᠰᠢ ᠦᠭᠡᠢ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠣᠳᠠᠲᠤ ᠬᠡᠷᠡᠭ ᠤᠨ ᠵᠢᠱᠢᠶ᠎ᠡ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠣᠯ ᠱᠤᠭᠤᠮ ᠤᠨ ᠱᠠᠭᠠᠷᠳᠠᠯᠭ᠎ᠠ ᠶᠢᠨ ᠠᠷᠭ᠎ᠠ ᠵᠠᠮ ᠢ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠭᠦᠨᠵᠡᠭᠡᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠪᠣᠯᠬᠤ ᠪᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷ ᠨᠢᠭᠡᠪᠦᠷᠢ ᠶᠢᠨ ᠰᠡᠳᠬᠢᠯ ᠳᠡᠭᠡᠨ ᠰᠡᠶᠢᠯᠦᠭᠰᠡᠨ ᠬᠠᠷᠢᠭᠤᠴᠠᠯᠭ᠎ᠠ ᠪᠠ ᠡᠭᠦᠷᠭᠡ ᠪᠣᠯᠤᠨ᠎ᠠ᠃     ︽ᠣᠴᠢ ᠠᠨᠠᠷ︾ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠭᠢ ᠦᠷᠭᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠦᠷᠭᠦᠯᠵᠢᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠨᠡᠩ ᠤᠯᠠᠨ ᠪᠠᠶᠠᠯᠢᠭ ᠤᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠪᠣᠯᠤᠨ᠎ᠠ᠃           
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ