︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠠᠭᠠᠷᠢᠨ ᠪᠠᠷᠠᠭᠤᠨ ᠬᠤᠰᠢᠭᠤᠨ ᠤ ᠭᠤᠤᠯ ᠰᠡᠳᠦᠪᠲᠦ ᠠᠵᠢᠯᠯᠠᠭ᠎ᠠ ᠳ᠋ᠠᠪᠠᠨ ᠪᠠᠯᠭᠠᠰᠤᠨ ᠳᠤ  ᠶᠠᠪᠤᠭᠳᠠᠪᠠ
ᠨᠡᠶᠢᠲᠡᠯᠡᠭᠰᠡᠨ ᠴᠠᠭ᠄
2025/5/19
     5 ᠰᠠᠷ᠎ᠠ ᠶᠢᠨ 18᠎ ᠤ ᠡᠳᠦᠷ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠡ ᠮᠣᠷᠢ ᠤᠨᠤᠬᠤ ᠵᠤᠭ᠎ᠠ ᠴᠡᠩᠭᠡᠯ ᠤᠨ ᠲᠠᠯᠠᠪᠠᠶ ᠳᠤ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠪᠠᠭᠠᠷᠢᠨ ᠪᠠᠷᠠᠭᠤᠨ ᠬᠤᠰᠢᠭᠤᠨ ᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠵᠢᠭᠤᠯᠴᠢᠯᠠᠯ ᠪᠠ ᠣᠯᠠᠨ ᠲᠦᠮᠡᠨᠴᠢ ᠴᠢᠨᠠᠷᠲᠠᠶ ᠤᠷᠤᠯᠳᠤᠭᠠᠨ ᠲᠠᠢ ᠨᠢᠭᠲᠠ ᠤᠶᠠᠯᠳᠤᠭᠤᠯᠵᠤ᠂ ᠠᠳᠤᠭᠤᠨ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠣᠷᠣᠨ ᠨᠤᠲᠤᠭ ᠤᠨ ᠣᠨᠴᠠᠯᠢᠭ ᠲᠠᠢ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠰᠤᠯᠴᠠᠭᠤᠯᠵᠤ᠂ ᠥᠷᠭᠡᠨ ᠣᠯᠠᠨ ᠵᠤᠭᠠᠴᠠᠭᠰᠠᠳ ᠲᠤ ᠨᠢᠭᠡ ᠤᠳᠠᠭᠠᠨ ᠤ ᠪᠡᠶᠡᠴᠢᠯᠡᠨ ᠦᠢᠯᠠᠭᠠᠯᠳᠡ ᠶᠢᠨ ᠦᠪᠡᠳᠡᠭᠰᠢ ᠨᠠᠶᠢᠷ ᠢ ᠬᠦᠷᠭᠡᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠥᠬᠦ ᠬᠤᠰᠢᠭᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠵᠡᠮᠵᠢ ᠶᠢᠨ ᠴᠡᠭ᠂ ᠵᠢᠭᠤᠯᠴᠢᠯᠠᠯ ᠤᠨ ᠬᠤᠷᠢᠶ᠎ᠠ᠂ ᠵᠢᠭᠤᠯᠴᠢᠯᠠᠯ ᠤᠨ ᠰᠣᠶᠣᠯ ᠤᠨ ᠡᠭᠦᠳᠦᠯᠲᠡ ᠶᠢᠨ ᠲᠠᠸᠠᠷ ᠤᠨ ᠠᠵᠤ ᠠᠬᠤᠶᠢᠯᠠᠯ ᠤᠨ ᠦᠵᠡᠭᠦᠯᠦᠯᠭᠡ ᠶᠢᠨ ᠲᠠᠪᠴᠠᠩ ᠳᠣᠭᠢᠷᠠᠭᠤᠯᠵᠤ᠂ ᠵᠤᠭᠠᠴᠠᠭᠰᠠᠳ ᠲᠤ ᠡᠯ᠎ᠡ ᠦᠵᠡᠮᠵᠢ ᠶᠢᠨ ᠣᠷᠣᠨ ᠤ ᠣᠨᠴᠠᠯᠢᠭ ᠢ ᠤᠬᠠᠭᠤᠯᠤᠨ ᠲᠠᠨᠢᠯᠴᠠᠭᠤᠯᠪᠠ︔ ᠬᠤᠰᠢᠭᠤᠨ ᠤ ᠤᠯᠠᠭᠠᠨᠮᠥ᠋ᠴᠢᠷ ᠳᠠᠭᠤᠤ ᠪᠥᠵᠢᠭ᠂ ᠬᠥᠭᠵᠢᠮ ᠵᠡᠷᠭᠡ ᠶᠢᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠶᠡᠭᠡ ᠬᠡᠮᠵᠢᠶᠡᠨ ᠤ ᠰᠠᠭᠤᠭᠠᠯᠢ ᠠᠷᠠᠳ᠂ ᠵᠤᠭᠠᠴᠠᠭᠰᠠᠳ ᠢ ᠲᠠᠳᠠᠭᠰᠠᠨ ᠪᠠᠶᠢᠨ᠎ᠠ︔ ᠬᠥᠲᠥᠯᠥᠭᠴᠢ ᠪᠠᠭᠠᠷᠢᠨ ᠪᠠᠷᠠᠭᠤᠨ ᠬᠤᠰᠢᠭᠤᠨ ᠤ ᠬᠠᠮᠤᠭ ᠤᠨ ᠰᠢᠨ᠎ᠡ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠵᠦ᠂ ᠰᠠᠶᠢᠬᠠᠨ ᠬᠠᠨ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠨᠢᠯᠴᠠᠭᠤᠯᠤᠭᠴᠢ ᠢᠦᠶ ᠴᠦᠨ ᠯᠢ  ᠰᠠᠶᠢᠬᠠᠨ ᠬᠠᠨ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠲᠠᠨᠢᠯᠴᠠᠭᠤᠯᠵᠤ᠂ ᠳᠠᠷᠠᠭ᠎ᠠ ᠨᠢ ᠠᠳᠤᠭᠤᠨ ᠲᠠᠯᠠᠪᠠᠶ ᠶᠢᠨ ᠬᠠᠷᠢᠭᠤᠴᠠᠯᠭᠠᠲᠠᠨ ᠠᠵᠢᠯᠯᠠᠭ᠎ᠠ ᠡᠬᠢᠯᠡᠭᠰᠡᠨ ᠢ ᠵᠠᠷᠯᠠᠪᠠ᠃     ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠪᠠᠭᠠᠴᠤᠳ ᠤᠨ ᠪᠥᠬᠡ ᠶᠢᠨ ᠤᠷᠤᠯᠳᠤᠭᠠᠨ᠂ ᠲᠠᠯ᠎ᠠ ᠨᠤᠲᠤᠭ ᠤᠨ ᠪᠤᠤᠬᠢᠶ᠎ᠠ ᠤᠷᠤᠯᠳᠤᠭᠠᠨ᠂ ᠮᠣᠷᠢ ᠤᠨᠤᠵᠤ ᠲᠤᠭᠤᠯᠬᠤ ᠵᠡᠷᠭᠡ ᠰᠣᠶᠣᠯ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠲᠥᠷᠥᠯ ᠵᠦᠢᠯ ᠢ ᠪᠠᠭᠲᠠᠭᠠᠵᠤ᠂ ᠣᠯᠠᠨ ᠲᠦᠮᠡᠨ ᠢᠳᠡᠪᠬᠢᠲᠡᠶ ᠣᠷᠣᠯᠴᠠᠵᠤ᠂ ᠠᠬᠤᠶ ᠲᠠᠯᠠᠪᠠᠶ ᠶᠢᠨ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠠᠶᠢᠯ᠎ᠠ᠃ ᠨᠠᠩ ᠰᠠᠶᠢᠨ ᠵᠤᠭᠠᠴᠠᠭᠰᠠᠳ ᠤᠨ ᠣᠶᠢᠯᠠᠭᠠᠯᠲᠠ ᠪᠠ ᠨᠠᠩ ᠬᠥᠷ ᠬᠥᠭᠵᠢᠶᠡᠨ ᠲᠠᠢ ᠵᠢᠭᠤᠯᠴᠢᠯᠠᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠦᠷᠦᠬᠡ ᠮᠣᠷᠢ ᠤᠨᠤᠬᠤ ᠵᠤᠭ᠎ᠠ ᠴᠡᠩᠭᠡᠯ ᠤᠨ ᠲᠠᠯᠠᠪᠤᠷ ᠲᠠᠢ ᠬᠠᠮᠲᠤᠷᠠᠨ ᠮᠣᠷᠢ ᠤᠨᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠠᠭᠤᠨ ᠠᠵᠢᠨᠠᠶ ᠬᠦᠯᠦᠭ ᠲᠠᠯ᠎ᠠ ᠨᠤᠲᠤᠭ ᠲᠤ ᠲᠦᠷᠭᠡᠨ ᠲᠠᠪᠬᠢᠵᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃     ᠡᠭᠦᠨ ᠠᠴᠠ ᠭᠠᠳᠠᠨ᠎ᠠ᠂ ᠪᠠᠭᠠᠷᠢᠨ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠭᠦᠨᠵᠡᠭᠡᠶ ᠵᠣᠯᠭᠠᠭᠤᠯᠬᠤ ᠪᠠ ᠰᠣᠯᠢᠯᠴᠠᠨ ᠵᠥᠪᠳᠡᠯᠴᠡᠬᠦ ᠪᠠᠷ ᠳᠡᠮᠵᠢᠨ᠂ ᠤᠯᠠᠭᠠᠨᠬᠠᠳᠠ ᠬᠤᠲᠠ ᠶᠢᠨ ᠲᠢᠶᠠᠨ ᠺᠧ ᠬᠠᠨ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠲᠠᠢ ᠬᠠᠮᠳᠤᠷᠠᠯᠴᠠᠬᠤ ᠬᠠᠨᠳᠤᠰᠢ ᠲᠤᠭᠲᠠᠵᠣ᠂ ᠤᠯᠠᠭᠠᠨᠬᠠᠳᠠ ᠬᠤᠲᠠ ᠶᠢᠨ ᠲᠢᠶᠠᠨ ᠺᠧ ᠬᠠᠨ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠰᠠᠨ ︽ᠲᠢᠶᠠᠨ ᠭᠧ ᠬᠠᠨ ᠬᠡᠭᠡᠷ᠎ᠡ ᠶᠢᠨ ᠮᠣᠷᠢᠲᠤ ᠪᠠᠭᠤᠳᠠᠯ︾ ᠠᠵᠢᠯᠯᠠᠭ᠎ᠠ ᠲᠣᠰ ᠡᠳᠦᠷ ᠲᠡᠭᠡᠨ ︽  ᠲᠦᠷᠦᠬᠡ ᠮᠣᠷᠢ ᠤᠨᠤᠬᠤ ᠵᠤᠭ᠎ᠠ ᠴᠡᠩᠭᠡᠯ ᠤᠨ ᠲᠠᠯᠠᠪᠠᠶ︾᠎ ᠳᠤ ᠰᠠᠭᠤᠷᠢᠰᠢᠭᠰᠠᠨ ᠪᠠᠶᠢᠨ᠎ᠠ᠃     ︽5 · 19᠎ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠪᠠᠭᠠᠷᠢᠨ ᠪᠠᠷᠠᠭᠤᠨ ᠬᠤᠰᠢᠭᠤᠨ ᠤ ᠭᠤᠤᠯ ᠰᠡᠳᠦᠪᠲᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠮᠠᠨ ᠤ ᠬᠤᠰᠢᠭᠤᠨ ᠤ ᠤᠳᠠᠯ ᠦᠭᠡᠢ ᠵᠢᠭᠤᠯᠴᠢᠯᠠᠯ ᠤᠨ ᠬᠦᠭᠵᠢᠶᠡᠨᠳᠦ ᠤᠯᠠᠷᠢᠯ ᠳᠤ ᠣᠷᠣᠬᠤ ᠭᠡᠵᠦ ᠪᠠᠶᠢᠬᠤ ᠶᠢ ᠬᠠᠷᠠᠭᠤᠯᠵᠤ᠂ ᠡᠯᠪᠡᠭ ᠪᠠᠶᠠᠯᠢᠭ ᠤᠳᠬ᠎ᠠ ᠤᠷᠠᠯᠢᠭ ᠤᠨ ᠵᠢᠭᠤᠯᠴᠢᠯᠠᠯ ᠤᠨ ᠠᠵᠢᠯᠯᠠᠭ᠎ᠠ ᠬᠤᠶᠢᠨ᠎ᠠ ᠬᠤᠶᠢᠨ᠎ᠠ ᠠᠴᠠ ᠪᠠᠨ ᠶᠠᠪᠤᠭᠳᠠᠵᠤ᠂ ᠢᠯᠠᠩᠭᠤᠶ᠎ᠠ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠤᠷᠤᠯᠳᠤᠭᠠᠨ ᠤ ᠲᠠᠯᠠᠪᠠᠶ 7 ᠰᠠᠷ᠎ᠠ ᠶᠢᠨ ᠰᠡᠭᠦᠯᠴᠢ ᠪᠠᠷ ᠮᠠᠨ ᠤ ᠬᠤᠰᠢᠭᠤᠨ ᠳᠤ ᠶᠠᠪᠤᠭᠳᠠᠵᠤ᠂ ᠥᠷᠭᠡᠨ ᠣᠯᠠᠨ ᠵᠤᠭᠠᠴᠠᠭᠰᠠᠳ ᠢ ᠬᠠᠮᠤᠭ ᠤᠨ ᠭᠤᠶᠣ ᠰᠠᠶᠢᠬᠠᠨ ᠤᠯᠠᠷᠢᠯ ᠳᠤ ᠲᠠᠯ᠎ᠠ ᠨᠤᠲᠤᠭ ᠲᠤ ᠴᠤᠭᠯᠠᠷᠠᠬᠤ ᠶᠢ ᠪᠠᠶᠠᠷᠯᠠᠨ ᠤᠭᠲᠤᠵᠤ᠂ ᠪᠠᠭᠠᠷᠢᠨ ᠪᠠᠷᠠᠭᠤᠨ ᠬᠤᠰᠢᠭᠤᠨ ᠤ ᠥᠪᠡᠷᠮᠢᠴᠡ ᠲᠠᠲᠠᠬᠤ ᠬᠦᠴᠦᠨ ᠢ ᠮᠡᠳᠡᠷᠡᠬᠦ ᠪᠣᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ