ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠢᠨᠠᠨ ᠲᠣᠭᠲᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/5/19
       ︽ᠠᠶᠤᠯᠲᠠᠶ ᠬᠢᠮᠢ ᠶᠢᠨ ᠪᠣᠳᠠᠰ ᠤᠨ ︿ᠨᠢᠭᠡ ᠶᠠᠪᠤᠳᠠᠯ﹀᠎ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ︾᠎ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ︽ᠣᠭ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾᠎ ᠶᠢᠨ ᠬᠠᠮᠢᠶ᠎ᠠ ᠪᠥᠬᠦᠶ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠤᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠬᠤᠰᠢᠭᠤᠨ ᠤ ᠬᠡᠰᠡᠭ ᠠᠶᠤᠯᠲᠠᠶ ᠬᠢᠮᠢ ᠶᠢᠨ ᠡᠵᠡᠩᠨᠡᠯᠲᠡ ᠶᠢᠨ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ ᠬᠢᠪᠠ᠃      ᠬᠢᠨᠠᠨ ᠲᠣᠭᠲᠠᠭᠠᠬᠤ ᠳᠤᠭᠤᠶᠢᠯᠠᠩ ᠨᠢ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠬᠤ᠂ ᠠᠵᠢᠯᠯᠠᠵᠤ ᠪᠠᠶᠢᠭ᠎ᠠ ᠬᠥᠮᠦᠰ ᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠢᠶ᠎ᠠ ᠪᠥᠬᠦᠶ ᠡᠵᠡᠩᠨᠡᠯᠲᠡ ᠶᠢᠨ ᠠᠵᠤ ᠠᠬᠤᠶᠢᠯᠠᠯ ᠳᠤ ᠲᠤᠬᠠᠶ ᠶᠢᠨ ᠲᠠᠯᠠᠪᠤᠷ ᠲᠤ ᠬᠤᠪᠢ ᠣᠯᠭᠤᠬᠤ ᠶᠢᠨ ᠬᠠᠮᠲᠤ᠂ ᠠᠮᠤᠷ ᠲᠦᠪᠰᠢᠨ ᠤ ᠬᠢᠨᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠭᠰᠠᠨ ᠪᠠᠶᠢᠳᠠᠯ᠂ ᠠᠵᠢᠯᠯᠠᠵᠤ ᠪᠠᠶᠢᠭ᠎ᠠ ᠬᠥᠮᠦᠰ ᠤᠨ ᠬᠥᠮᠦᠵᠢᠯ ᠪᠣᠯᠪᠠᠰᠤᠷᠠᠭᠤᠯᠤᠯ ᠤᠨ ᠪᠠᠶᠢᠳᠠᠯ᠂ ᠡ᠊ᠨᠳᠡᠯ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ ᠬᠡᠮ ᠢ ᠵᠦᠢᠯ ᠳᠠᠷᠠᠭᠠᠯᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠶᠤᠯ ᠲᠦᠭᠰᠢᠭᠦᠷᠢ ᠶᠢᠨ ᠳᠠᠯᠳᠠ ᠬᠡᠮ ᠢ ᠲᠤᠬᠠᠶ ᠶᠢᠨ ᠲᠠᠯᠠᠪᠤᠷ ᠲᠤᠨᠢ ᠬᠠᠷᠢᠭᠤ ᠲᠤᠰᠬᠠᠬᠤ ᠶᠢᠨ ᠬᠠᠮᠲᠤ ᠰᠠᠨᠠᠭᠤᠯᠭ᠎ᠠ ᠳᠤᠷᠠᠳᠤᠭᠰᠠᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠲᠠᠶ ᠬᠢᠮᠢ ᠶᠢᠨ ᠪᠣᠳᠠᠰ ᠤᠨ ︽ᠨᠢᠭᠡ ᠶᠠᠪᠤᠳᠠᠯ︾᠎ ᠤᠨ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾᠎ ᠶᠢᠨ ᠠᠵᠢᠯ ᠤᠨ ᠲᠥᠯᠥᠪᠯᠡᠭᠡ ᠪᠠ ᠠᠬᠢᠴᠠ ᠶᠢᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ ᠵᠢᠯᠣᠭᠤᠳᠬᠤ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠢ ᠬᠠᠪᠰᠤᠷᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠲᠦᠭᠰᠢᠭᠦᠷᠢ ᠶᠢ ᠠᠷᠢᠯᠭᠠᠨ᠂ ᠮᠠᠨ ᠤ ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠢ ᠡᠵᠡᠩᠨᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ