| | | | 5 ᠰᠠᠷ᠎ᠠ ᠶᠢᠨ 17 ᠤ ᠡᠳᠦᠷ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ | ᠭᠡᠰᠡᠷ ᠰᠣᠶᠣᠯ ᠤᠨ ᠠᠮᠢ ᠠᠬᠤᠶ ᠶᠢ ᠬᠠᠮᠠᠭᠠᠯᠠᠨ ᠬᠥᠭᠵᠢᠭᠦᠯᠬᠦ ᠲᠥᠪ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠭᠡᠰᠡᠷ ᠰᠣᠶᠣᠯ ᠤᠨ ᠨᠡᠶᠢᠭᠡᠮᠯᠢᠭ ᠤᠨ | ᠬᠠᠪᠰᠤᠷᠤᠨ ᠡᠷᠭᠢᠯᠡᠭᠰᠡᠨ ᠪᠠᠭᠠᠷᠢᠨ ᠪᠠᠷᠠᠭᠤᠨ ᠬᠤᠰᠢᠭᠤᠨ ᠤ ᠭᠡᠰᠡᠷ ᠤᠯᠠᠮᠵᠢᠯᠠᠭᠴᠢ ᠶᠢᠨ ᠪᠣᠯᠪᠠᠰᠤᠷᠠᠯ ᠤᠨ ᠠᠩᠭᠢ ᠭᠡᠰᠡᠷ ᠤᠨ ᠤᠯᠠᠮᠵᠢᠯᠠᠨ ᠰᠤᠷᠬᠤ ᠭᠠᠵᠠᠷ ᠲᠤ | ᠶᠠᠪᠤᠭᠳᠠᠵᠤ᠂ 30 ᠭᠠᠷᠤᠶ ᠭᠡᠰᠡᠷ ᠤᠯᠠᠮᠵᠢᠯᠠᠭᠴᠢ ᠪᠠ ᠬᠡᠰᠡᠷ ᠬᠠᠶᠢᠯᠬᠤ ᠤᠷᠠᠯᠢᠭᠴᠢᠳ ᠪᠣᠯᠪᠠᠰᠤᠷᠠᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠭᠡᠰᠡᠷ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠯᠲᠠ ᠪᠠ ᠰᠢᠨ᠎ᠡ ᠶᠢ ᠡᠭᠦᠳᠬᠦ ᠴᠢᠨᠠᠷᠲᠠᠶ | ᠬᠥᠭᠵᠢᠯᠲᠡ ᠶᠢ ᠳᠥᠯᠭᠢᠨ ᠠᠬᠢᠭᠤᠯᠵᠤ᠂ ᠪᠠᠭᠠᠷᠢᠨ ᠪᠠᠷᠠᠭᠤᠨ ᠬᠤᠰᠢᠭᠤᠨ ᠤ ︽ᠭᠡᠰᠡᠷ︾ ᠤᠨ ᠲᠥᠷᠥᠯ ᠵᠦᠢᠯ ᠤᠨ ᠤᠯᠤᠰ ᠤᠨ ᠲᠠᠰ ᠤᠨ ᠲᠥᠯᠥᠭᠡᠯᠡᠬᠦ ᠴᠢᠨᠠᠷᠲᠠᠶ | ᠤᠯᠠᠮᠵᠢᠯᠠᠭᠴᠢ ᠪᠠᠳᠮᠠᠷᠢᠨᠴᠢᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠮᠥᠩᠬᠡᠵᠢᠷᠭᠠᠯ᠂ ᠨᠢᠮᠬᠤᠳᠽᠡᠷ ᠬᠢᠴᠢᠶᠡᠯᠯᠡᠬᠦ | ᠯᠧᠺᠲ᠋ᠣᠷ ᠢ ᠲᠤᠰᠬᠠᠶᠢᠯᠠᠨ ᠤᠷᠢᠵᠤ᠂ ᠣᠨᠣᠯ ᠤᠨ ᠰᠤᠳᠤᠯᠤᠨ ᠶᠠᠷᠢᠯᠴᠠᠬᠤ ᠪᠠ ᠤᠷ᠎ᠠ ᠮᠡᠷᠭᠡᠰᠢᠯ ᠢᠶᠠᠷ ᠵᠥᠪᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ᠂ ᠡᠨᠡ ᠬᠦ | ᠳᠡᠯᠡᠬᠡᠶ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠤᠨ ᠣᠲᠣ ᠦᠶ᠎ᠡ ᠶᠢᠨ ᠤᠯᠠᠮᠵᠢᠯᠠᠯ ᠤᠨ ᠤᠬᠠᠭᠠᠨ ᠢ ᠬᠠᠮᠲᠤ ᠪᠠᠷ ᠬᠠᠶᠢᠨ | ᠰᠦᠪᠡᠭᠴᠢᠯᠡᠭᠰᠡᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠯ ᠨᠢ ᠰᠣᠯᠢᠯᠴᠠᠨ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠤᠯᠠᠮᠵᠢᠯᠠᠭᠴᠢ ᠶᠢᠨ ᠣᠨᠣᠯ ᠤᠨ ᠬᠡᠪ | ᠪᠣᠯᠪᠠᠰᠤᠷᠠᠯ ᠪᠣᠯᠤᠨ ᠳᠠᠭᠤᠯᠠᠬᠤ ᠤᠷ᠎ᠠ ᠮᠡᠷᠭᠡᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠤᠯᠠᠮᠵᠢᠯᠠᠭᠴᠢ ᠶᠢᠨ ᠦᠷ᠎ᠡ ᠪᠦᠲᠦᠭᠡᠯ ᠢ ᠠᠮᠢᠳᠤᠯᠢᠭ | ᠦᠢᠯᠡᠳᠦᠯᠭᠡ ᠪᠣᠯᠭᠠᠨ ᠬᠤᠪᠢᠷᠠᠭᠤᠯᠵᠤ᠂ ᠭᠡᠰᠡᠷ ᠰᠣᠶᠣᠯ ᠢ ᠣᠲᠣ ᠦᠶ᠎ᠡ ᠶᠢᠨ ᠠᠮᠢᠳᠤᠷᠠᠯ ᠳᠤ ᠨᠠᠩ ᠰᠠᠶᠢᠲᠤᠷ ᠠᠭᠤᠰᠤᠯᠴᠠᠭᠤᠯᠵᠤ᠂ ᠵᠢᠩᠬᠢᠨᠢ ᠠᠮᠢᠳᠤᠯᠢᠭ | ᠤᠯᠠᠮᠵᠢᠯᠠᠬᠤ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠪᠠᠭᠠᠷᠢᠨ ᠪᠠᠷᠠᠭᠤᠨ ᠬᠤᠰᠢᠭᠤ ︽ᠪᠣᠳᠠᠰ ᠤᠨ ᠪᠤᠰᠤ ᠰᠣᠶᠣᠯ ᠤᠨ ᠥᠪ+ ᠵᠢᠭᠤᠯᠴᠢᠯᠠᠯ︾᠂ ︽ | ᠪᠣᠳᠠᠰ ᠤᠨ ᠪᠤᠰᠤ ᠰᠣᠶᠣᠯ ᠤᠨ ᠥᠪ + ᠠᠵᠤ ᠦᠢᠯᠡᠰ︾ ᠤᠨ ᠠᠭᠤᠰᠤᠯᠴᠠᠨ ᠬᠥᠭᠵᠢᠬᠦ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠶᠣᠯ ᠤᠨ ᠪᠠᠭᠠᠷᠢᠨ | ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃ | |